ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ  ᠴᠡᠭ ᠤᠨ ᠠᠵᠢᠯ ᠡᠬᠢᠯᠡᠪᠡ ​
ᠨᠡᠶᠢᠲᠡᠯᠡᠭᠰᠡᠨ ᠴᠠᠭ᠄
2024/1/25
      ᠣᠶᠢᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠲᠥᠰᠥᠯ︾ ︵ᠳᠣᠷᠣᠭᠰᠢ ︽ᠲᠤᠷᠰᠢᠯᠲᠠ ᠶᠢᠨ ᠲᠥᠰᠥᠯ︾ ᠭᠡᠵᠦ ᠲᠣᠪᠴᠢᠯᠠᠪᠠ︶᠎ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠡᠢ᠃      ︽ᠲᠤᠷᠰᠢᠯᠲᠠ ᠶᠢᠨ ᠲᠥᠰᠥᠯ︾ ᠎ ᠨᠢ ᠨᠡᠶᠢᠲᠡ 5 ᠲᠠᠯ᠎ᠠ 17 ᠵᠦᠢᠯ ᠤᠨ ᠪᠣᠳᠠᠲᠠᠢ ᠡᠭᠦᠷᠭᠡ ᠳᠤ ᠬᠤᠯᠪᠣᠭᠳᠠᠨ᠎ᠠ᠃ ︽ᠤᠷᠢᠳ ᠢᠶᠠᠷ ᠲᠤᠷᠰᠢᠵᠤ᠂ ᠳᠠᠷᠠᠭ᠎ᠠ  ᠨᠢ ᠬᠡᠷᠡᠭᠵᠢᠭᠦᠯᠬᠦ︾ ᠰᠡᠳᠬᠢᠮᠵᠢ ᠶᠣᠰᠣᠭᠠᠷ᠂ ᠤᠷᠢᠳ ᠢᠶᠠᠷ 1 ᠵᠢᠯ ᠤᠨ ᠬᠤᠭᠤᠴᠠᠭᠠᠨ ᠳᠤ ᠠᠳᠠᠯᠢ ᠪᠤᠰᠤ ᠪᠡᠯᠴᠢᠭᠡᠷ ᠤᠨ ᠪᠠ ᠠᠵᠤ ᠠᠬᠤᠢ ᠶᠢᠨ ᠲᠥᠷᠥᠯ ᠬᠡᠯᠪᠡᠷᠢ ᠶᠢᠨ ᠣᠷᠣᠨ ᠳᠤ ᠲᠤᠷᠰᠢᠬᠤ ᠪᠠᠷ ᠲᠥᠯᠥᠪᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠬᠤ᠂ ᠨᠢᠭᠡ ᠭᠠᠵᠠᠷ ᠣᠷᠣᠨ ᠳᠤ ᠨᠢᠭᠡ ᠪᠣᠳᠣᠯᠭ᠎ᠠ ᠬᠡᠷᠡᠭᠵᠢᠭᠦᠯᠬᠦ ᠪᠠᠷ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ ᠲᠤᠷᠰᠢᠯᠭ᠎ᠠ ᠨᠤᠭᠤᠳ ᠢᠶᠠᠨ ᠳ᠋ᠦᠩᠨᠡᠭᠰᠡᠨ ᠤ ᠳᠠᠷᠠᠭ᠎ᠠ ᠰᠠᠶ᠋ᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠬᠠᠮᠠᠭᠠᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠭᠤᠷᠪᠠᠨ ᠲᠠᠯ᠎ᠠ ᠠᠴᠠ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠪᠣᠳᠠᠲᠠᠢ ᠰᠢᠢᠳᠪᠦᠷᠢᠯᠡᠨ᠎ᠡ᠃ ᠬᠤᠶᠠᠷ ᠲᠤ᠂ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠨ᠎ᠠ᠃ ᠬᠠᠰᠢᠶ᠎ᠠ ᠰᠠᠷᠠᠪᠴᠢ ᠰᠢᠨ᠎ᠡ ᠪᠠᠷ ᠪᠠᠶᠢᠭᠤᠯᠬᠤ᠂ ᠲᠠᠯ᠎ᠠ ᠨᠤᠲᠤᠭ ᠤᠨ ᠮᠠᠯᠵᠢᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠬᠤ ᠪᠠ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠵᠦᠢᠯ ᠤᠨ ᠵᠠᠭᠪᠤᠷ ᠢ ᠳᠡᠯᠭᠡᠷᠡᠭᠦᠯᠬᠦ ᠪᠠᠷ ᠳᠠᠮᠵᠢᠭᠤᠯᠤᠨ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠨᠤᠲᠤᠭ ᠪᠡᠯᠴᠢᠭᠡᠷ ᠳᠡᠭᠡᠷ᠎ᠡ ᠮᠠᠯᠵᠢᠬᠤ ᠮᠠᠯ ᠤᠨ ᠲᠤᠭ᠎ᠠ ᠶᠢ ᠦᠨᠡᠨ ᠬᠦ ᠪᠠᠭᠠᠰᠬᠠᠨ᠎ᠠ᠃ ᠭᠤᠷᠪᠠ ᠳᠤ᠂ ︽ᠡᠪᠡᠰᠦᠨ ᠤ ᠢᠷᠡᠯᠲᠡ︾᠎ ᠶᠢᠨ ᠠᠰᠠᠭᠤᠳᠠᠯ ᠢ ᠰᠢᠢᠳᠪᠦᠷᠢᠯᠡᠬᠦ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠭᠤᠣᠯ ᠭᠠᠷᠴᠠ ᠪᠣᠯᠭᠠᠨ᠎ᠠ᠃ ᠲᠠᠷᠢᠮᠠᠯ ᠪᠡᠯᠴᠢᠭᠡᠷ ᠢ ᠬᠥᠭᠵᠢᠭᠦᠯᠬᠦ᠂ ᠡᠰᠢ ᠰᠦᠷᠡᠯ ᠢ ᠪᠣᠷᠳᠤᠭ᠎ᠠ ᠪᠣᠯᠭᠠᠬᠤ ᠲᠦᠪᠰᠢᠨ ᠢ ᠳᠡᠭᠡᠭᠰᠢᠯᠡᠭᠦᠯᠬᠦ ᠪᠠ ᠡᠪᠡᠰᠦ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠬᠦ ᠵᠡᠷᠭᠡ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠣᠷᠣᠨ ᠤ ᠡᠪᠡᠰᠦ ᠪᠣᠷᠳᠣᠭᠠᠨ ᠤ ᠬᠠᠩᠭᠠᠯᠭ᠎ᠠ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠪᠠᠶᠢᠭᠠᠯᠢᠯᠢᠭ ᠨᠤᠲᠤᠭ ᠪᠡᠯᠴᠢᠭᠡᠷ ᠲᠤ ᠬᠡᠲᠦ ᠲᠦᠰᠢᠭᠯᠡᠳᠡᠭ ᠠᠰᠠᠭᠤᠳᠠᠯ ᠢ ᠰᠢᠢᠳᠪᠦᠷᠢᠯᠡᠨ᠎ᠡ᠃ ᠳᠥᠷᠪᠡ ᠳᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠭᠠᠨ᠎ᠠ᠃ ᠰᠢᠯᠢᠳᠡᠭ ᠮᠠᠯ ᠢ ᠰᠣᠩᠭᠤᠨ ᠪᠣᠶᠢᠵᠢᠭᠤᠯᠵᠤ ᠲᠥᠭᠡᠮᠡᠯᠵᠢᠯᠡᠭᠦᠯᠬᠦ᠂ ᠰᠢᠨᠵᠢᠯᠡᠬᠦ ᠤᠬᠠᠭᠠᠨᠴᠢ ᠪᠠᠷ ᠮᠠᠯᠵᠢᠬᠤ ᠮᠡᠷᠭᠡᠵᠢᠯ ᠤᠨ ᠪᠣᠯᠪᠠᠰᠤᠷᠠᠯ ᠪᠠ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠪᠠᠶᠢᠭᠤᠯᠬᠤ ᠵᠡᠷᠭᠡ ᠣᠯᠠᠨ ᠵᠦᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠲᠠᠷᠢᠮᠠᠯ ᠢ ᠲᠡᠵᠢᠭᠡᠪᠦᠷᠢ ᠳᠤ ᠬᠡᠷᠡᠭᠯᠡᠬᠦ ᠨᠣᠷᠮ᠎ᠠ ᠪᠠ ᠮᠠᠯ ᠪᠦᠷᠢ ᠶᠢᠨ ᠮᠢᠬ᠎ᠠ ᠭᠠᠷᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠨᠢ ᠣᠯᠠᠨ ᠲᠡᠵᠢᠭᠡᠵᠦ ᠪᠠᠶᠢᠭᠰᠠᠨ ᠠᠴᠠ ᠮᠥᠩᠭᠦ ᠢᠯᠡᠭᠦᠦ ᠣᠯᠬᠤ ᠲᠡᠶᠢᠰᠢ ᠬᠤᠪᠢᠷᠠᠭᠤᠯᠤᠨ᠎ᠠ᠃ ᠲᠠᠪᠤ ᠳᠤ᠂ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠲᠦᠪᠰᠢᠨ ᠢᠶᠠᠨ ᠳᠡᠭᠡᠭᠰᠢᠯᠡᠭᠦᠯᠬᠦ ᠶᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠣᠯᠭᠠᠨ᠎ᠠ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠦᠨᠡᠯᠡᠬᠦ ᠭᠦᠢᠴᠡᠳᠬᠡᠯ ᠲᠣᠭᠠᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠬᠢᠨᠠᠨ ᠬᠠᠮᠢᠶᠠᠷᠬᠤ ᠪᠠᠨ ᠨᠡᠩ ᠴᠢᠩᠭᠠᠳᠬᠠᠨ᠎ᠠ᠃      ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠦᠭᠰᠡᠨ ᠤ ᠳᠠᠷᠠᠭ᠎ᠠ᠂ ᠡᠯ᠎ᠡ ᠭᠠᠵᠠᠷ ᠨᠠᠷᠢᠨ ᠲᠠᠩᠰᠠᠲᠤ᠂ ᠲᠦᠰᠦᠯᠲᠦ ᠬᠠᠮᠢᠶᠠᠷᠤᠯᠲᠠ ᠶᠢ ᠬᠡᠷᠡᠭᠵᠢᠭᠦᠯᠵᠦ᠂ ᠲᠥᠯᠥᠪᠯᠡᠭᠡ ᠶᠢᠨ ᠳᠠᠭᠠᠤ ᠠᠵᠢᠯᠯᠠᠬᠤ᠂ ᠬᠦᠰᠦᠨᠦᠭᠴᠢᠯᠡᠨ ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠲᠤᠷᠰᠢᠯᠲᠠ ᠶᠢᠨ ᠴᠡᠭ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ ᠪᠠᠶᠢᠬᠤ ᠶᠢᠨ ᠬᠠᠮᠲᠤ ᠨᠢᠭᠡ ᠪᠦᠯᠦᠭ ᠳᠡᠯᠭᠡᠷᠡᠭᠦᠯᠵᠦ᠂ ᠳᠠᠭᠤᠷᠢᠶᠠᠵᠤ ᠪᠣᠯᠬᠤᠶᠢᠴᠠ ᠥᠪᠥᠷ ᠮᠣᠩᠭᠤᠯ ᠤᠨ ᠲᠠᠯ᠎ᠠ ᠨᠤᠲᠤᠭ ᠤᠨ ᠮᠠᠯᠵᠢᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠬᠦ ᠠᠮᠵᠢᠯᠲᠠᠲᠠᠢ ᠲᠤᠷᠰᠢᠯᠭ᠎ᠠ ᠪᠠ ᠵᠠᠭᠪᠤᠷ ᠢ ᠪᠣᠶ ᠪᠣᠯᠭᠠᠨ᠎ᠠ  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ