ᠡᠳ᠋ ᠤᠨ ᠵᠠᠰᠠᠭ ᠤᠨ ᠶᠠᠮᠤᠨ ︽ᠰᠠᠨᠠᠯ︾᠎ ᠤᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠥᠪᠥᠷ ᠮᠣᠩᠭᠤᠯ ᠤᠨ ᠴᠢᠨᠠᠷ ᠰᠠᠶᠢᠲᠠᠢ  ᠬᠥᠭᠵᠢᠯᠲᠡ ᠶᠢ ᠳᠡᠮᠵᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/1/25
       ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 1 ᠰᠠᠷ᠎ᠠ ᠶᠢᠨ 16 ᠤ ᠡᠳᠦᠷ᠂ ᠡᠳ᠋ ᠤᠨ ᠵᠠᠰᠠᠭ ᠤᠨ ᠶᠠᠮᠤᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠳᠥᠭᠦᠮᠴᠢᠯᠡᠨ᠎ᠡ︶᠎ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠᠷ ᠪᠠᠶᠢᠨ᠎ᠠ᠃      ᠲᠣᠰ ︽ᠬᠡᠷᠡᠭᠵᠢᠭᠦᠯᠬᠦ ᠰᠠᠨᠠᠯ︾ ᠪᠣᠯ ᠡᠳ᠋ ᠤᠨ ᠵᠠᠰᠠᠭ ᠤᠨ ᠶᠠᠮᠤᠨ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠷᠬᠠᠭᠠᠭᠰᠠᠨ 2023 ᠣᠨ ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠥᠪᠥᠷ ᠮᠣᠩᠭᠤᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠵᠤ ᠥᠭᠭᠦᠭᠰᠡᠨ ᠢᠵᠢ ᠪᠦᠷᠢᠳᠦᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠤᠯᠬᠤ ᠶᠤᠮ᠃      ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠬᠡᠷᠡᠭᠵᠢᠭᠦᠯᠬᠦ ᠰᠠᠨᠠᠯ︾ ᠎ ᠨᠢ ᠭᠤᠷᠪᠠᠨ ᠣᠨᠴᠠᠯᠢᠭ ᠢ ᠪᠦᠷᠢᠯᠳᠦᠭᠦᠯᠵᠡᠢ᠃ ᠨᠢᠭᠡ ᠳᠤ᠂ ᠠᠭᠤᠯᠤᠭᠳᠠᠴᠠ ᠥᠨᠳᠥᠷ᠃ ︽ᠬᠡᠷᠡᠭᠵᠢᠭᠦᠯᠬᠦ ᠰᠠᠨᠠᠯ︾᠎ ᠳᠤ ᠡᠯ᠎ᠡ ᠵᠦᠢᠯ ᠤᠨ ᠪᠣᠳᠠᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠨᠢ ᠴᠥᠮ ᠪᠡᠯᠡ ᠮᠥᠩᠭᠦ ᠶᠢᠨ ᠢᠷᠡᠯᠲᠡ ᠶᠢᠨ ᠴᠢᠭᠯᠡᠯ ᠲᠠᠢ ᠪᠠᠶᠢᠵᠤ᠂ ᠡᠯ᠎ᠡ ᠲᠥᠷᠥᠯ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠥᠪᠥᠷ ᠮᠣᠩᠭᠤᠯ ᠳᠤ ᠬᠡᠯᠪᠡᠶᠢᠯᠭᠡᠬᠦ ᠳᠤ ᠴᠢᠬᠤᠯᠠ ᠦᠨᠳᠦᠰᠦᠯᠡᠯ ᠬᠠᠩᠭᠠᠭᠰᠠᠨ ᠪᠥᠭᠡᠳ ᠥᠪᠥᠷ ᠮᠣᠩᠭᠤᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢᠨ ᠳᠡᠮᠵᠢᠯᠭᠡ ᠶᠢ ᠣᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠬᠤᠶᠠᠷ ᠲᠤ᠂ ᠬᠠᠮᠤᠷᠬᠤ ᠬᠡᠪᠴᠢᠶ᠎ᠡ ᠥᠷᠭᠡᠨ᠃ ︽ᠬᠡᠷᠡᠭᠵᠢᠭᠦᠯᠬᠦ ᠰᠠᠨᠠᠯ︾ ᠎ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠭᠤᠯᠭ᠎ᠠ ᠨᠢ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠡᠬᠢ ᠪᠠᠶᠠᠯᠢᠭ᠂ ᠠᠵᠤ ᠦᠢᠯᠡᠰ ᠤᠨ ᠰᠢᠨ᠎ᠡ ᠶᠢ ᠡᠭᠦᠳᠬᠦ᠂ ᠲᠠᠷᠢᠶᠠᠯᠠᠩ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠵᠡᠷᠭᠡ ᠬᠦᠷᠢᠶ᠎ᠡ ᠶᠢ ᠬᠠᠮᠤᠷᠪᠠ᠃ ᠭᠤᠷᠪᠠ ᠳᠤ᠂ ᠭᠤᠣᠯᠳᠠᠯᠭ᠎ᠠ ᠲᠣᠪᠣᠶᠢᠮ᠎ᠠ᠃ ︽ᠬᠡᠷᠡᠭᠵᠢᠭᠦᠯᠬᠦ ᠰᠠᠨᠠᠯ︾᠎ ᠳᠤ 6 ᠲᠠᠯ᠎ᠠ ᠠᠴᠠ 14 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠬᠤ ᠶᠢ ᠳᠡᠮᠵᠢᠬᠦ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ᠂ ᠰᠢᠨ᠎ᠡ ᠶᠢ ᠡᠭᠦᠳᠬᠦ ᠲᠠᠪᠴᠠᠩ ᠪᠠ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠪᠠᠷᠠᠭᠠᠨ ᠤ ᠭᠦᠢᠯᠭᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠬᠦ᠂ ᠡᠬᠢ ᠪᠠᠶᠠᠯᠢᠭ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠶᠢ ᠳᠡᠮᠵᠢᠬᠦ᠂ ᠲᠠᠷᠢᠶᠠᠯᠠᠩ ᠤᠨ ᠲᠥᠬᠦᠭᠡᠷᠦᠮᠵᠢ ᠪᠠ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠶᠢ ᠳᠡᠮᠵᠢᠬᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠬᠢᠯᠢ ᠬᠢᠵᠠᠭᠠᠷ ᠢ ᠪᠠᠬᠢᠵᠢᠭᠦᠯᠬᠦ ᠶᠢ ᠳᠡᠮᠵᠢᠬᠦ ᠵᠡᠷᠭᠡ ᠪᠠᠭᠲᠠᠵᠠᠢ᠃      ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠷᠬᠠᠭᠠᠭᠰᠠᠨ 2023 ᠣᠨ ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠶᠠᠮᠤᠨ ᠤ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠬᠤ ᠪᠣᠯᠣᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ