​ᠪᠥᠬᠦ ᠣᠷᠣᠨ ᠤ 63058 ᠨᠡᠷᠡᠰ ᠵᠡᠮᠳᠡᠭᠴᠦᠳ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠭᠥᠷᠳᠡᠪᠡ
ᠨᠡᠶᠢᠲᠡᠯᠡᠭᠰᠡᠨ ᠴᠠᠭ᠄
2024/1/25
      1 ᠳ᠋ᠦ᠋ᠭᠡᠷ ᠰᠠᠷ᠎ᠠ ᠶᠢᠨ 18 ᠤ ᠡᠳᠦᠷ᠂ 2024 ᠣᠨ ᠤ ᠪᠥᠬᠦ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ 2023 ᠣᠨ ᠤ ᠪᠥᠬᠦ ᠣᠷᠣᠨ ᠤ ᠵᠡᠮᠳᠡᠭᠴᠦᠳ ᠤᠨ ᠠᠵᠢᠯ ᠢ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃      ᠲᠠᠨᠢᠯᠴᠠᠭᠤᠯᠤᠭᠰᠠᠨ ᠢᠶᠠᠷ᠂ 2023 ᠣᠨ ᠳᠤ᠂ ᠪᠦᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠡᠮᠳᠡᠭᠴᠦᠳ ᠤᠨ ᠠᠵᠢᠯ ᠤᠨ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠢᠯᠡᠳᠲᠡ ᠦᠷ᠎ᠡ ᠪᠦᠲᠦᠮᠵᠢ ᠣᠯᠵᠠᠢ᠃ 63058 ᠨᠡᠷᠡᠰ ᠵᠡᠮᠳᠡᠭᠴᠦᠳ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠦᠷᠲᠡᠵᠦ᠂ 30388 ᠨᠡᠷᠡᠰ ᠵᠡᠮᠳᠡᠭᠴᠦᠳ ᠲᠤᠰᠠᠯᠠᠮᠵᠢ ᠪᠠᠭᠠᠵᠢ ᠶᠢᠨ ᠲᠣᠬᠢᠷᠠᠭᠤᠯᠭ᠎ᠠ ᠶᠢᠨ ᠦᠢᠯᠡᠴᠢᠯᠡᠭᠡ ᠬᠦᠷᠲᠡᠵᠦ᠂ 6135 ᠨᠡᠷᠡᠰ ᠵᠡᠮᠳᠡᠭ ᠬᠡᠦᠬᠡᠳ ᠡᠷᠡᠭᠦᠯᠵᠢᠯ ᠤᠨ ᠲᠤᠰᠠᠯᠠᠮᠵᠢ ᠬᠦᠷᠲᠡᠵᠡᠢ︔ ᠬᠤᠲᠠ ᠬᠥᠳᠡᠭᠡ ᠶᠢᠨ 11118 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠵᠤ᠂ ᠡᠭᠦᠨ ᠳᠤ ᠬᠤᠲᠠ ᠪᠠᠯᠭᠠᠰᠤ ᠶᠢᠨ 4557 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ 6561 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠪᠥᠬᠦ ᠣᠷᠣᠨ ᠤ ᠡᠯ᠎ᠡ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ 1792 ᠨᠡᠷᠡᠰ ᠵᠡᠮᠳᠡᠭᠴᠦᠳ ᠲᠤ ᠠᠵᠢᠯ ᠣᠯᠭᠤᠪᠠ︔ ᠬᠡᠷᠡᠭᠴᠡᠭᠡ ᠱᠠᠭᠠᠷᠳᠠᠯᠭ᠎ᠠ ᠲᠠᠢ 11290 ᠨᠡᠷᠡᠰ ᠵᠡᠮᠳᠡᠭᠴᠦᠳ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠪᠠ︔ ᠬᠦᠴᠢᠷᠳᠡᠯᠲᠡᠢ ᠬᠦᠨᠳᠦ ᠳᠡᠰ ᠤᠨ ᠵᠡᠮᠳᠡᠭᠴᠦᠳ ᠤᠨ ᠭᠡᠷ ᠪᠦᠯᠢ ᠶᠢᠨ ᠰᠠᠭᠠᠳ ᠦᠭᠡᠢ ᠥᠭᠡᠷᠡᠴᠢᠯᠡᠯᠲᠡ ᠶᠢ ᠦᠷᠭᠦᠯᠵᠢᠯᠡᠨ ᠥᠷᠨᠢᠭᠦᠯᠵᠦ᠂ 12184 ᠡᠷᠦᠬᠡ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠪᠡ︔ 33.7 ᠲᠦᠮᠡᠨ ᠬᠥᠮᠥᠨ ᠳᠤ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠣᠯᠭᠤᠵᠤ᠂ 30.83 ᠲᠦᠮᠡᠨ ᠬᠥᠮᠥᠨ ᠳᠤ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠣᠯᠭᠤᠪᠠ︔ ᠪᠥᠬᠦ ᠣᠷᠣᠨ ᠤ 0 ᠠᠴᠠ ᠪᠦᠬᠦᠯᠢ 59 ᠨᠠᠰᠤᠨ ᠤ 41.3 ᠲᠦᠮᠡᠨ ᠬᠦᠨᠳᠦ ᠳᠡᠰ ᠤᠨ ᠬᠦᠴᠢᠷᠳᠡᠯᠲᠡᠢ ᠵᠡᠮᠳᠡᠭᠴᠦᠳ ᠲᠤ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠠᠪᠴᠤ ᠥᠭᠪᠡ᠂ 26 ᠲᠦᠮᠡᠨ ᠵᠡᠮᠳᠡᠭᠴᠦᠳ ᠲᠤ ᠦᠨᠳᠦᠰᠦᠨ ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠵᠤ᠂ 38.9 ᠲᠦᠮᠡᠨ ᠵᠡᠮᠳᠡᠭᠴᠦᠳ ᠲᠤ ᠦᠨᠳᠦᠰᠦᠨ ᠡᠮᠴᠢᠯᠡᠭᠡᠨ ᠤ ᠳᠠᠭᠠᠳᠬᠠᠯ ᠢ ᠣᠷᠣᠯᠠᠨ ᠲᠤᠰᠢᠶᠠᠵᠤ ᠥᠭᠪᠡ᠃      ᠬᠤᠷᠠᠯ᠎ ᠳᠤ ᠱᠠᠭᠠᠷᠳᠠᠭᠰᠠᠨ ᠨᠢ᠂ 2024 ᠣᠨ ᠳᠤ᠂ ᠪᠦᠬᠦ ᠣᠷᠣᠨ ᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠤᠯᠠᠮ ᠴᠢᠨᠠᠭᠰᠢᠳᠠ ᠪᠠᠲᠤ ᠰᠠᠬᠢᠵᠤ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠᠨ ᠰᠢᠯᠢᠳᠡᠭᠵᠢᠭᠦᠯᠵᠦ᠂ ᠵᠡᠮᠳᠡᠭᠴᠦᠳ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠵᠡᠮᠳᠡᠭᠴᠦᠳ ᠤᠨ ᠬᠤᠯᠪᠣᠭ᠎ᠠ ᠶᠢᠨ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ