ᠨᠢᠩᠴᠧᠩ ᠰᠢᠶᠠᠨ ︽ᠳᠥᠷᠪᠡ ᠶᠢ ᠭᠦᠢᠴᠡᠳᠬᠡᠬᠦ︾ ᠰᠢᠨ᠎ᠡ ᠶᠢ ᠡᠭᠦᠳᠴᠦ ᠦᠢᠯᠡᠴᠢᠯᠡᠭᠡ ᠶᠢ ᠰᠢᠯᠢᠳᠡᠭᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/1/26
      ᠨᠢᠭᠡ ᠳᠤ ︽ᠲᠤᠰᠬᠠᠢ ᠣᠷᠣᠨ ᠳᠤ ᠭᠦᠢᠴᠡᠳᠬᠡᠬᠦ︾᠃ ᠠᠵᠢᠯᠲᠠᠨ ᠤ ᠳᠠᠭᠠᠳᠬᠠᠯ ᠳᠤ ᠣᠷᠣᠯᠴᠠᠬᠤ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠭᠦᠢᠴᠡᠳᠬᠡᠵᠦ᠂ ᠠᠵᠢᠯ ᠶᠠᠪᠤᠳᠠᠯ ᠭᠦᠢᠴᠡᠳᠬᠡᠬᠦ ᠪᠡᠶᠡᠴᠢ ᠴᠣᠭᠴᠠ ᠬᠡᠵᠢᠶ᠎ᠡ ᠣᠴᠢᠪᠠᠯ ᠬᠡᠵᠢᠶ᠎ᠡ ᠭᠦᠢᠴᠡᠳᠬᠡᠵᠦ᠂ ᠣᠯᠠᠨ ᠲᠦᠮᠡᠨ ᠤ ᠬᠦᠯᠢᠶᠡᠬᠦ ᠴᠠᠭ ᠢ ᠬᠠᠮᠤᠭ ᠤᠨ ᠶᠡᠭᠡ ᠪᠠᠷ ᠪᠠᠭᠠᠰᠬᠠᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠷᠳᠤᠴᠠ ᠲᠠᠢ᠂ ᠡᠷᠴᠢᠮ ᠲᠠᠢ᠂ ᠳᠤᠯᠠᠭᠠᠨ ᠤ ᠬᠡᠮᠵᠢᠶ᠎ᠡ ᠲᠠᠢ ᠨᠡᠶᠢᠭᠡᠮ ᠤᠨ ᠳᠠᠭᠠᠳᠬᠠᠯ ᠤᠨ ᠴᠣᠩᠬᠤᠪᠴᠢ ᠦᠢᠯᠡᠴᠢᠯᠡᠭᠡᠨ ᠤ ᠰᠢᠨ᠎ᠡ ᠳᠦᠷᠢ ᠲᠥᠷᠬᠦ ᠶᠢ ᠪᠣᠶ ᠪᠣᠯᠭᠠᠪᠠ᠃      ᠬᠤᠶᠠᠷ ᠲᠤ ︽ᠭᠡᠷ ᠲᠤᠨᠢ ᠬᠦᠷᠴᠦ ᠭᠦᠢᠴᠡᠳᠬᠡᠬᠦ︾᠃ ᠨᠠᠰᠤᠲᠠᠶᠢᠴᠤᠳ᠂ ᠣᠨᠴᠠᠭᠠᠶ ᠬᠠᠮᠲᠤᠯᠢᠭ ᠲᠤ ᠬᠠᠨᠳᠤᠭᠤᠯᠤᠨ ︽ᠭᠡᠷ ᠲᠤᠨᠢ ᠬᠦᠷᠴᠦ ᠭᠦᠢᠴᠡᠳᠬᠡᠬᠦ︾ ᠶᠢ ᠬᠠᠪᠰᠤᠷᠤᠨ ᠲᠡᠳᠬᠦᠵᠦ᠂ ᠦᠷ᠎ᠡ ᠬᠡᠦᠬᠡᠳ ᠨᠢ ᠳᠡᠷᠭᠡᠳᠡ ᠨᠢ ᠪᠠᠶᠢᠬᠤ ᠦᠭᠡᠢ᠂ ᠣᠶᠤᠨᠯᠢᠭ ᠭᠠᠷ ᠤᠲᠠᠰᠤ ᠬᠡᠷᠡᠭᠯᠡᠵᠦ ᠴᠢᠳᠠᠬᠤ ᠦᠭᠡᠢ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠰᠢᠯᠲᠠᠭᠠᠨ ᠠᠴᠠ ᠪᠣᠯᠤᠭᠰᠠᠨ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠳᠤ ᠬᠦᠴᠢᠷ ᠠᠰᠠᠭᠤᠳᠠᠯ᠂ ᠬᠠᠷᠰᠢ ᠰᠠᠭᠠᠳ ᠲᠠᠢ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠪᠡ᠃      ᠭᠤᠷᠪᠠ ᠳᠤ ︽ᠰᠦᠯᠵᠢᠶᠡᠨ ᠳᠡᠭᠡᠷ᠎ᠡ ᠭᠦᠢᠴᠡᠳᠬᠡᠬᠦ︾᠃ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠂ ︽ᠥᠪᠥᠷ ᠮᠣᠩᠭᠤᠯ ᠤᠨ ᠮᠥᠩᠭᠡ ᠰᠣᠪᠠᠭ︾ ᠤᠨ ᠰᠦᠯᠵᠢᠶᠡᠨ ᠳᠡᠭᠡᠷᠡᠬᠢ ᠭᠠᠷᠲᠠᠨ ᠭᠦᠢᠴᠡᠳᠬᠡᠬᠦ ᠲᠠᠪᠴᠠᠩ ᠢ ᠬᠦᠴᠦᠯᠡᠨ ᠳᠡᠯᠭᠡᠷᠡᠭᠦᠯᠵᠦ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠵᠡᠷᠭᠡ ᠡᠯ᠎ᠡ ᠵᠦᠢᠯ ᠤᠨ ᠨᠢᠭᠡᠴᠡ ᠶᠢᠨ ᠲᠤᠬᠠᠶᠢᠯᠠᠭᠰᠠᠨ ᠠᠵᠢᠯ ᠢᠶᠠᠨ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠳ ᠭᠠᠷ ᠤᠲᠠᠰᠤᠨ ᠤ APP ᠪᠠᠷ ᠳᠠᠮᠵᠢᠭᠤᠯᠤᠨ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ᠂ ᠬᠤᠪᠢ ᠬᠥᠮᠥᠨ ᠤ ᠡᠷᠬᠡ ᠠᠰᠢᠭ ᠢ ᠪᠠᠶᠢᠴᠠᠭᠠᠨ ᠯᠠᠪᠯᠠᠵᠤ ᠳᠠᠷᠤᠮᠠᠯᠯᠠᠬᠤ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠣᠯᠠᠨ ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠣᠯᠬᠤ ᠶᠢ  ᠪᠡᠶᠡᠯᠡᠭᠦᠯᠪᠡ᠃      ᠳᠥᠷᠪᠡ ᠳᠤ ︽ᠬᠠᠮᠲᠤᠷᠠᠨ ᠭᠦᠢᠴᠡᠳᠬᠡᠬᠦ︾᠃ ︽ᠨᠡᠶᠢᠭᠡᠮ ᠤᠨ ᠪᠠᠩᠬᠢ ᠶᠢᠨ ᠬᠠᠮᠲᠤᠷᠠᠯᠴᠠᠭ᠎ᠠ︾ ᠶᠢᠨ ᠵᠠᠭᠪᠤᠷ ᠢ ᠬᠡᠷᠡᠭᠵᠢᠭᠦᠯᠵᠦ᠂ ᠪᠠᠩᠬᠢ ᠶᠢᠨ ᠬᠦᠴᠦᠨ ᠢ ᠣᠷᠣᠭᠤᠯᠤᠨ ᠠᠪᠴᠢᠷᠠᠵᠤ᠂ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠪᠠᠩᠬᠢ ᠳᠠᠰᠢ ᠥᠷᠭᠡᠳᠬᠡᠨ᠂ ᠪᠠᠩᠬᠢ ᠶᠢᠨ ᠲᠣᠣᠷ ᠴᠢᠭ᠋᠂ ᠠᠵᠢᠯᠲᠠᠨ᠂ ᠲᠥᠬᠦᠭᠡᠷᠦᠮᠵᠢ ᠪᠠ ᠰᠦᠯᠵᠢᠶᠡᠨ ᠤ ᠡᠬᠢ ᠪᠠᠶᠠᠯᠢᠭ ᠵᠡᠷᠭᠡ ᠶᠢ ᠭᠦᠢᠴᠡᠳ ᠠᠰᠢᠭᠯᠠᠨ᠂ ᠨᠡᠶᠢᠭᠡᠮ ᠤᠨ ᠪᠠᠲᠤᠯᠠᠭ᠎ᠠ ᠶᠢᠨ ᠪᠡᠶ᠎ᠡ ᠪᠠᠨ ᠳᠠᠭᠠᠭᠠᠵᠤ ᠭᠠᠷᠲᠠᠨ ᠭᠦᠢᠴᠡᠳᠬᠡᠬᠦ ᠦᠢᠯᠡᠴᠢᠯᠡᠭᠡ ᠪᠠᠷ ᠭᠤᠣᠯ ᠴᠣᠭᠴᠠ ᠪᠣᠯᠭᠠᠭᠰᠠᠨ᠂ ᠬᠠᠮᠢᠶ᠎ᠠ ᠪᠦᠬᠦᠢ ᠪᠠᠶᠢᠭᠤᠯᠤᠮᠵᠢ ᠶᠢᠨ ᠬᠠᠮᠲᠤᠷᠠᠨ ᠭᠠᠷᠲᠠᠨ ᠭᠦᠢᠴᠡᠳᠬᠡᠬᠦ ᠦᠢᠯᠡᠴᠢᠯᠡᠭᠡ ᠪᠠᠷ ᠨᠥᠬᠦᠪᠦᠷᠢ ᠪᠣᠯᠭᠠᠭᠰᠠᠨ ᠦᠢᠯᠡᠴᠢᠯᠡᠭᠡᠨ ᠤ ᠪᠠᠶᠢᠷᠢᠰᠢᠯ ᠢ ᠪᠣᠶ ᠪᠣᠯᠭᠠᠵᠤ᠂ ᠨᠡᠶᠢᠭᠡᠮ ᠤᠨ ᠪᠠᠲᠤᠯᠠᠭ᠎ᠠ ᠪᠠ ᠪᠠᠩᠬᠢ ᠶᠢᠨ ᠨᠢᠭᠡ ᠴᠣᠭᠴᠠᠵᠢᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠭ᠋ ᠢ ᠬᠠᠮᠲᠤᠪᠠᠷ ᠪᠣᠶ ᠪᠣᠯᠭᠠᠵᠤ᠂ ︽ᠨᠡᠶᠢᠭᠡᠮ ᠤᠨ ᠪᠠᠩᠬᠢ ᠶᠢᠨ ᠬᠠᠮᠲᠤᠷᠠᠯᠴᠠᠭ᠎ᠠ︾ ᠶᠢᠨ ᠨᠢᠭᠡ ᠴᠣᠭᠴᠠᠵᠢᠭᠰᠠᠨ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠪᠡ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ