ᠬᠤᠲᠠ ᠶᠢᠨ ᠵᠠᠰᠠᠭ ᠤᠨ ᠣᠷᠳᠣᠨ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ 2024 ᠣᠨ ᠤ ᠠᠩᠬᠠᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠴᠢᠶᠠᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠰᠢᠷᠢᠰ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠤᠨ ᠳᠥᠷᠰᠥᠲᠥ ᠨᠡᠪᠲᠡᠷᠡᠭᠦᠯᠭᠡ ᠪᠠᠷ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠶᠠᠰᠤ ᠴᠢᠨᠠᠷ ᠤᠨ ᠭᠡᠷᠡᠴᠢᠯᠡᠯ ᠤᠨ ᠲᠥᠪ ᠤᠨ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠰᠢᠩ ᠶᠣᠣ ᠶᠢᠨ ᠬᠤᠶᠠᠳᠤᠭᠠᠷ ᠬᠤᠭᠤᠴᠠᠭᠠᠨ ᠤ ᠨᠥᠬᠦᠪᠦᠷᠢ ᠬᠡᠯᠡᠯᠴᠡᠭᠡᠷ ᠤᠨ ᠪᠢᠴᠢᠭ ᠲᠤ ᠭᠠᠷ ᠤᠨ ᠥᠰᠥᠭ ᠵᠢᠷᠤᠵᠤ᠂ ᠤᠯᠠᠭᠠᠨᠬᠠᠳᠠ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠪᠠᠶᠢᠭᠤᠯᠬᠤ ᠶᠠᠪᠤᠳᠠᠯ ᠢ ᠰᠤᠳᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠢ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠢᠭᠲᠠ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ ᠤᠨ ᠶᠠᠰᠤ ᠴᠢᠨᠠᠷ ᠤᠨ ᠭᠡᠷᠡᠴᠢᠯᠡᠯ ᠤᠨ ᠲᠥᠪ ᠤᠨ ᠬᠢᠵᠠᠭᠠᠷᠲᠤ ᠺᠣᠮᠫᠠᠨᠢ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠢᠯᠡᠰ ᠢ ᠨᠠᠷᠢᠯᠢᠭᠵᠢᠭᠤᠯᠵᠤ᠂ ᠦᠵᠦ ᠲᠥᠯᠥᠪᠯᠡᠭᠡ ᠶᠢ ᠴᠢᠩᠭᠠᠳᠬᠠᠨ᠂ ᠬᠠᠮᠲᠤᠷᠠᠯᠴᠠᠨ ᠬᠠᠮᠲᠤᠪᠠᠷ ᠵᠥᠪᠳᠡᠯᠴᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ᠂ ᠲᠤᠰᠬᠠᠢ ᠮᠡᠷᠭᠡᠵᠢᠯ᠂ ᠨᠠᠷᠢᠯᠢᠭ ᠣᠨᠣᠪᠴᠢᠲᠠᠢ᠂ ᠥᠨᠳᠥᠷ ᠪᠦᠲᠦᠮᠵᠢᠲᠡᠢ ᠶᠡᠷᠦᠩᠬᠡᠶᠢᠯᠡᠭᠰᠡᠨ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡ ᠪᠠᠷ ᠮᠠᠨ ᠤ ᠬᠤᠳᠠ ᠶᠢᠨ ᠰᠢᠨ᠎ᠡ ᠡᠨᠧᠷᠭᠢ ᠶᠢᠨ ᠠᠵᠤ ᠦᠢᠯᠡᠰ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠩ ᠶᠣᠣ ᠶᠢᠨ ᠬᠤᠶᠠᠳᠤᠭᠠᠷ ᠬᠤᠭᠤᠴᠠᠭᠠᠨ ᠤ ᠬᠡᠯᠡᠯᠴᠡᠭᠡᠷ ᠤᠨ ᠠᠭᠤᠯᠭ᠎ᠠ ᠶᠢ ᠲᠦᠷᠭᠡᠨ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠬᠢ ᠬᠤᠷᠠᠮᠳᠤᠭᠤᠯᠤᠨ ᠬᠦᠴᠦᠨ ᠴᠢᠳᠠᠯ ᠣᠯᠭᠤᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠪᠠᠶᠢᠭᠤᠯᠬᠤ ᠬᠠᠮᠢᠶ᠎ᠠ ᠪᠦᠬᠦᠢ ᠶᠠᠪᠤᠳᠠᠯ ᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠵᠠᠰᠠᠭ ᠤᠨ ᠣᠷᠳᠣᠨ ᠤ ᠠᠵᠤ ᠦᠢᠯᠡᠰ ᠤᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠠᠶᠤᠯ ᠲᠦᠭᠰᠢᠭᠦᠷᠢ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠦᠢᠯᠡᠰ ᠤᠨ ᠰᠠᠭᠤᠷᠢ ᠮᠥᠩᠭᠦ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ ᠡᠮᠦᠨ᠎ᠡ ᠪᠠᠰᠠ ᠬᠠᠮᠲᠤ ᠪᠠᠷ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠢ ᠠᠬᠢᠭᠤᠯᠬᠤ ᠬᠠᠤᠯᠢ︾ ᠶᠢ ᠰᠤᠷᠤᠯᠴᠠᠪᠠ᠃      ᠬᠤᠲᠠ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠵᠠᠩ ᠵᠢᠢ ᠺᠠᠩ᠂ ᠶᠠᠩ ᠮᠦ᠂ ᠵᠣᠣ ᡁᠢ ᠭᠠᠩ᠂ ᠹᠦ᠋ ᠱᠧᠦ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠰᠢᠦᠢ ᠯᠢ ᠵᠢᠶᠦ᠋ᠨ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ