ᠨᠢᠩᠴᠧᠩ ᠰᠢᠶᠠᠨ ︽ᠬᠠᠮ ᠠᠷᠭ᠎ᠠ ᠬᠡᠮᠵᠢᠶ᠎ᠡ︾  ᠶᠢ ᠰᠠᠶᠢᠲᠤᠷ ᠬᠡᠷᠡᠭᠵᠢᠭᠦᠯᠵᠦ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠡᠢ
ᠨᠡᠶᠢᠲᠡᠯᠡᠭᠰᠡᠨ ᠴᠠᠭ᠄
2024/1/29
      ᠨᠢᠭᠡ ᠳᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠴᠠᠭᠠᠨ ᠰᠠᠷ᠎ᠠ ᠠᠴᠠ ᠡᠮᠦᠨᠡᠬᠢ ᠰᠢᠨ᠎ᠡ ᠶᠢᠨ ᠪᠠᠷᠠᠭ᠎ᠠ ᠶᠢ ᠭᠦᠢᠴᠡᠳ ᠠᠰᠢᠭᠯᠠᠨ ᠬᠡᠷᠡᠭᠯᠡᠭᠡᠨ ᠤ ᠤᠷᠬᠢᠯ ᠢ ᠠᠬᠢᠭᠤᠯᠵᠤ᠂ ᠬᠠᠢ ᠡᠯ᠂ ᠯᠦᠩ ᠴᠠᠩ ᠵᠡᠷᠭᠡ ᠭᠤᠣᠯᠳᠠᠯᠭ᠎ᠠ ᠲᠠᠢ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠬᠡᠷᠡᠭᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠬᠤᠶᠠᠷ ᠲᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠠᠶᠢᠴᠠᠭᠠᠨ ᠰᠤᠳᠤᠯᠵᠤ ᠵᠠᠳᠠᠯᠤᠯᠲᠠ ᠬᠢᠬᠦ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠡᠷᠡᠭᠯᠡᠭᠡ ᠶᠢ ᠠᠬᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠯᠭᠡᠨ᠎ᠡ᠃      ᠭᠤᠷᠪᠠ ᠳᠤ᠂ ᠥᠪᠥᠷ ᠮᠣᠩᠭᠤᠯ ᠤᠨ ᠬᠠᠭᠤᠴᠢᠨ ᠨᠠᠷᠠᠲᠤ ᠲᠡᠮᠳᠡᠭᠲᠦ ᠪᠠ ᠥᠪᠥᠷ ᠮᠣᠩᠭᠤᠯ ᠤᠨ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠪᠠᠳᠠᠷᠠᠭᠤᠯᠵᠤ᠂ ᠬᠠᠭᠤᠴᠢᠨ ᠨᠠᠷᠠᠲᠤ ᠲᠡᠮᠳᠡᠭᠲᠦ ᠶᠢ ᠬᠠᠮᠠᠭᠠᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠬᠠᠭᠤᠴᠢᠨ ᠨᠠᠷᠠᠲᠤ ᠲᠡᠮᠳᠡᠭᠲᠦ ᠶᠢᠨ ᠰᠣᠶᠣᠯ ᠤᠨ ᠠᠭᠤᠯᠬᠤᠨ ᠢ ᠭᠦᠨ ᠠᠭᠤᠳᠠᠯᠬᠤ ᠶᠢ ᠠᠬᠢᠭᠤᠯᠤᠨ᠂ ᠲᠡᠷᠢᠭᠦᠨ ᠤ ᠣᠨᠣᠯᠵᠢᠬᠤᠨ ᠢ ᠬᠠᠷᠢᠴᠠᠭᠤᠯᠤᠨ᠂ ᠰᠢᠨ᠎ᠡ ᠶᠢ ᠡᠭᠦᠳᠦᠨ ᠬᠥᠭᠵᠢᠭᠦᠯᠬᠦ ᠶᠢ ᠲᠥᠪ ᠪᠣᠯᠭᠠᠵᠤ᠂ ᠵᠢᠱᠢᠶ᠎ᠡ ᠦᠵᠡᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃     ᠳᠥᠷᠪᠡ ᠳᠤ᠂ ᠬᠡᠷᠡᠭᠯᠡᠭᠡ ᠶᠢ ᠠᠬᠢᠭᠤᠯᠬᠤ ᠰᠣᠶᠣᠯ ᠤᠨ ᠠᠵᠢᠯᠯᠠᠭ᠎ᠠ ᠶᠢ ᠵᠣᠬᠢᠴᠠᠩᠭᠤᠢ ᠪᠠᠷ ᠠᠬᠢᠭᠤᠯᠵᠤ᠂ ︽ᠪᠣᠭᠤᠮᠲᠠ ᠶᠢᠨ ᠭᠠᠳᠠᠨᠠᠬᠢ ᠠᠷᠢᠬᠢᠨ ᠮᠤᠬᠤᠯᠠᠭ ᠤᠨ ᠰᠦᠯᠵᠢᠶᠡᠨ ᠤ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ︾᠂ ︽ᠨᠢᠩᠴᠧᠩ ᠤᠨ ᠽᠢ ᠮᠧᠩ ᠬᠡᠦ ᠨᠠᠭᠤᠷ ᠤᠨ ᠡᠪᠦᠯ ᠤᠨ ᠠᠩᠨᠠᠯᠲᠠ ᠶᠢᠨ ᠪᠠᠶᠠᠷ︾ ᠵᠡᠷᠭᠡ ᠭᠤᠣᠯᠳᠠᠯᠭ᠎ᠠ ᠲᠠᠢ ᠰᠣᠶᠣᠯ ᠤᠨ ᠭᠤᠣᠯ ᠰᠡᠳᠦᠪᠲᠦ ᠠᠵᠢᠯᠯᠠᠭ᠎ᠠ ᠳᠤ ᠲᠦᠰᠢᠭᠯᠡᠵᠦ᠂ ᠨᠢᠩᠴᠧᠩ ᠤᠨ ᠰᠣᠶᠣᠯ ᠵᠤᠭᠠᠴᠠᠯ ᠤᠨ ᠬᠡᠷᠡᠭᠯᠡᠭᠡᠨ ᠤ ᠲᠦᠷᠦᠯ ᠲᠡᠮᠳᠡᠭ ᠢ ᠬᠠᠩᠭᠢᠨᠠᠭᠤᠯᠤᠨ᠎ᠠ᠃     ᠲᠠᠪᠤ ᠳᠤ᠂ ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠡᠰ ᠳᠡᠪᠰᠢᠭᠦᠯᠬᠦ ᠶᠢ ᠠᠬᠢᠭᠤᠯᠵᠤ᠂ ᠬᠡᠷᠡᠭᠯᠡᠭᠴᠢᠳ ᠤᠨ ︽ᠪᠦᠲᠦᠮᠵᠢᠲᠡᠢ ᠬᠡᠷᠡᠭᠴᠡᠭᠡ︾ ᠶᠢ ᠲᠠᠰᠤᠷᠠᠯᠳᠡ ᠦᠭᠡᠢ ᠬᠠᠩᠭᠠᠨ᠎ᠠ᠃     ᠵᠢᠷᠭᠤᠭ᠎ᠠ ᠳᠤ᠂ ᠬᠤᠲᠠ ᠶᠢᠨ ᠱᠠᠲᠤᠨ ᠤ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠬᠠᠭᠠᠬᠤ ᠨᠢᠭᠡᠴᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠬᠡᠷᠡᠭᠯᠡᠭᠡᠨ ᠤ ᠳᠠᠶᠢᠴᠢᠯᠠᠬᠤ ᠬᠠᠷᠢᠴᠠᠯ ᠢ ᠲᠠᠰᠤᠷᠠᠯᠲᠠ ᠦᠭᠡᠢ ᠥᠷᠭᠡᠳᠬᠡᠨ᠎ᠡ᠃  
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ