ᠨᠢᠩᠴᠧᠩ ᠰᠢᠶᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/1/29
      ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠷᠣᠵᠤ ᠰᠠᠭᠤᠭᠰᠠᠨ ᠨᠠᠰᠤᠲᠠᠶᠢᠴᠤᠳ ᠤᠨ ᠠᠮᠤᠷ ᠲᠦᠪᠰᠢᠨ ᠰᠠᠨᠠᠭ᠎ᠠ ᠠᠮᠤᠷ ᠬᠤᠭᠤᠯᠠ ᠢᠳᠡᠬᠦ ᠶᠢ ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂  ᠤᠶᠢᠷ᠎ᠠ ᠶᠢᠨ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠨᠢᠭᠡ ᠳᠤ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠠᠵᠢᠯᠲᠠᠨ ᠢ ᠬᠠᠤᠯᠢ ᠶᠣᠰᠣᠭᠠᠷ ᠲᠣᠬᠢᠷᠠᠭᠤᠯᠤᠭᠰᠠᠨ ᠡᠰᠡᠬᠦ᠂ ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ ᠠᠵᠢᠯ ᠤᠨ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ᠃ ᠬᠤᠶᠠᠷ ᠲᠤ ᠢᠳᠡᠭᠡᠨ ᠤ ᠠᠶᠤᠯᠭᠦᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠭᠰᠡᠨ ᠡᠰᠡᠬᠦ᠂ ᠬᠤᠭᠤᠯᠠᠨ ᠤ ᠰᠠᠪᠠ ᠬᠡᠷᠡᠭᠰᠡᠯ ᠢ ᠤᠬᠢᠶᠠᠵᠤ ᠠᠷᠢᠭᠤᠳᠬᠠᠬᠤ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠢᠳᠡᠭᠡᠨ ᠤ ᠦᠯᠡᠳᠡᠭᠡᠭᠰᠡᠨ ᠦᠯᠢᠭᠡᠷ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠥᠷᠯᠥᠭᠡ ᠶᠢᠨ ᠪᠠᠶᠢᠴᠠᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ᠃ ᠭᠤᠷᠪᠠ ᠳᠤ ᠭᠡᠷᠡᠴᠢ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠵᠢᠷᠤᠮᠵᠢᠭᠰᠠᠨ ᠲᠡᠮᠳᠡᠭᠯᠡᠯ ᠢ ᠪᠠᠶᠢᠭᠤᠯᠤᠭᠰᠠᠨ ᠡᠰᠡᠬᠦ᠂ ᠠᠮᠤ ᠪᠤᠳᠠᠭ᠎ᠠ᠂ ᠭᠤᠯᠢᠷ᠂ ᠲᠣᠰᠣ᠂ ᠥᠨᠳᠡᠭᠡ᠂ ᠰᠦ᠂ ᠮᠢᠬ᠎ᠠ ᠵᠡᠷᠭᠡ ᠳᠤ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ ᠵᠢᠴᠢ ᠠᠳᠠᠯᠢ ᠪᠦᠯᠦᠭ ᠤᠳᠠᠭ᠎ᠠ ᠶᠢᠨ ᠰᠢᠯᠭᠠᠨ ᠪᠠᠶᠢᠴᠠᠭᠠᠭᠰᠠᠨ ︵ᠰᠢᠯᠭᠠᠨ ᠪᠠᠶᠢᠴᠠᠭᠠᠭᠰᠠᠨ︶ ᠮᠡᠳᠡᠭᠦᠯᠦᠯᠲᠡ ᠵᠡᠷᠭᠡ ᠶᠢ ᠪᠠᠶᠢᠴᠠᠭᠠᠪᠠ᠃ ᠣᠲᠣ ᠪᠣᠯᠲᠠᠯ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ 15 ᠤᠳᠠᠭ᠎ᠠ ᠪᠠᠶᠢᠴᠠᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠬᠡᠰᠡᠭ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠲᠤ ᠠᠷᠢᠭᠤᠳᠬᠠᠬᠤ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠳᠤ ᠭᠡᠷᠡᠴᠢ ᠪᠠᠷᠢᠮᠲᠠ ᠪᠦᠷᠢᠨ ᠠᠪᠤᠭᠰᠠᠨ ᠦᠭᠡᠢ᠂ ᠲᠤᠰᠠᠭᠠᠷ ᠬᠤᠭᠤᠯᠠ ᠪᠡᠯᠡᠳᠬᠡᠬᠦ ᠥᠷᠥᠭᠡ ᠪᠠᠶᠢᠬᠤ ᠦᠭᠡᠢ ᠵᠡᠷᠭᠡ ᠠᠰᠠᠭᠤᠳᠠᠯ ᠳᠤ ︽ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ 3 ᠬᠤᠪᠢ ᠪᠠᠭᠤᠯᠭᠠᠵᠤ᠂ ᠲᠡᠭᠦᠨ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠡᠴᠦᠰ ᠲᠤᠨᠢ ᠲᠤᠯᠲᠠᠯ᠎ᠠ ᠠᠳᠬᠤᠵᠤ᠂ ᠴᠠᠭ ᠲᠤᠨᠢ ᠲᠣᠬᠢᠷᠠᠭᠤᠯᠤᠨ ︽ᠡᠷᠬᠢᠨ ᠬᠠᠷᠠᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ