ᠠᠣᠬᠠᠨ ᠬᠤᠰᠢᠭᠤ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠢᠭᠤᠨ ᠴᠢᠭᠡᠴᠢ ᠪᠠᠷ ᠠᠷᠠᠯᠵᠢᠶᠠᠯᠠᠬᠤ ᠲᠠᠪᠴᠠᠩ ᠢ ᠪᠠᠶᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/1/4
      ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠷᠠᠯᠵᠢᠶᠠᠨ ᠤ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠦᠨ᠎ᠡ᠃ ᠮᠡᠳᠡᠭᠡ ᠵᠠᠩᠭᠢ ᠨᠡᠶᠢᠲᠡᠯᠡᠬᠦ᠂ ᠲᠤᠰᠬᠠᠶ ᠮᠡᠷᠭᠡᠵᠢᠯᠲᠡᠨ ᠰᠣᠩᠭᠤᠨ ᠠᠪᠬᠤ᠂ ᠳᠠᠭᠠᠭᠠᠴᠢᠯᠠᠯᠲᠠ ᠵᠠᠷᠯᠠᠨ ᠲᠤᠬᠠᠶ ᠶᠢᠨ ᠲᠠᠯᠠᠪᠤᠷ ᠲᠤ ᠦᠢᠯᠡᠴᠢᠯᠡᠬᠦ ᠵᠡᠷᠭᠡ ᠠᠷᠠᠯᠵᠢᠶᠠᠨ ᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠳᠣᠲᠣᠭᠠᠳᠤ ᠶᠢᠨ ᠬᠠᠮᠢᠶᠠᠷᠤᠯᠲᠠ ᠪᠠ ᠥᠪᠡᠷ ᠤᠨ ᠪᠡᠶ᠎ᠡ ᠶᠢᠨ ᠬᠢᠨᠠᠯᠲᠠ ᠲᠠᠯᠪᠢᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠲᠦᠷᠢᠮ ᠢᠶᠠᠷ ᠡᠷᠬᠡ ᠶᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠬᠥᠮᠦᠨ ᠢ ᠬᠠᠮᠢᠶᠠᠷᠬᠤ ᠶᠢ ᠦᠨᠡᠨ ᠬᠦ ᠪᠡᠶᠡᠯᠡᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠢᠨᠠᠷ ᠰᠠᠶᠢᠲᠠᠶ᠂ ᠳᠥᠭᠦᠮ ᠳᠥᠲᠡ᠂ ᠥᠨᠳᠥᠷ ᠪᠦᠲᠦᠮᠵᠢᠲᠡᠶ ᠠᠷᠠᠯᠵᠢᠶᠠᠨ ᠤ ᠦᠢᠯᠡᠴᠢᠯᠡᠭᠡ ᠬᠠᠩᠭᠠᠨ᠎ᠠ᠃      ᠰᠢᠨᠵᠢᠯᠡᠬᠦ ᠤᠬᠠᠭᠠᠨ ᠮᠡᠷᠭᠡᠵᠢᠯ ᠢᠶᠠᠷ ᠢᠯᠵᠢᠷᠡᠬᠦ ᠶᠢ ᠰᠡᠷᠭᠡᠶᠢᠯᠡᠬᠦ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠢᠳᠡᠪᠬᠢᠲᠡᠶ ᠠᠬᠢᠭᠤᠯᠵᠤ᠂ ᠲᠥᠷᠥᠯ ᠵᠦᠢᠯ ᠤᠨ ᠠᠷᠠᠯᠵᠢᠶᠠᠨ ᠤ ᠪᠥᠬᠦ ᠶᠠᠪᠤᠴᠠ ᠶᠢ ᠡᠯᠧᠺᠲᠷᠤᠨᠴᠢᠯᠠᠭᠰᠠᠨ ᠨᠣᠷᠮ᠎ᠠ ᠶᠢ 100%᠎ ᠳᠤ ᠬᠦᠷᠦᠭᠦᠯᠵᠦ᠂ ᠳᠠᠭᠠᠭᠠᠴᠢᠯᠠᠯᠲᠠ ᠦᠨᠡᠯᠡᠬᠦ ᠣᠷᠣᠨ ᠪᠦᠰᠡ ᠳᠤ ᠣᠯᠠᠨ ᠬᠠᠷᠠᠭᠠᠰᠤ᠂ ᠪᠥᠬᠦ ᠲᠠᠯ᠎ᠠ ᠶᠢᠨ ᠡᠯᠧᠺᠲᠷᠤᠨᠴᠢᠯᠠᠭᠰᠠᠨ ᠬᠥᠳᠡᠯᠦᠩᠭᠦᠶ ᠬᠢᠨᠠᠨ ᠡᠵᠡᠮᠳᠡᠯ ᠢ ᠬᠡᠷᠡᠭᠵᠢᠭᠦᠯᠵᠦ᠂ ᠳᠠᠭᠠᠭᠠᠴᠢᠯᠠᠯᠲᠠ ᠦᠨᠡᠯᠡᠬᠦ ᠪᠥᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠬᠢᠵᠦ᠂ ᠪᠥᠬᠦ ᠶᠠᠪᠤᠴᠠ ᠳᠤ ᠣᠷᠣᠮ ᠦᠯᠡᠳᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠷᠢᠭᠤᠨ ᠴᠢᠬᠡᠴᠢ᠂ ᠥᠨᠳᠥᠷ ᠪᠦᠲᠦᠮᠵᠢᠲᠡᠶ ᠂ ᠢᠯᠡ ᠲᠣᠳᠣ ᠪᠠᠶᠢᠬᠤ ᠳᠤ ᠬᠦᠴᠦᠨ ᠨᠡᠮᠡᠷᠢᠯᠡᠨ᠎ᠡ᠃      ᠠᠷᠢᠭᠤᠨ ᠴᠢᠭᠡᠴᠢ ᠪᠠᠷ ᠵᠠᠰᠠᠭ ᠪᠠᠷᠢᠬᠤ ᠬᠦᠮᠦᠵᠢᠯ ᠢ ᠴᠢᠩᠭᠠᠳᠬᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠪᠤᠢ ᠪᠣᠯᠭᠠᠵᠤ᠂ ᠬᠦᠴᠦ ᠪᠠᠨ ᠲᠥᠪᠯᠡᠷᠡᠭᠦᠯᠦᠨ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠣᠪᠣᠷ ᠰᠤᠷᠲᠠᠯ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠲᠥᠪ ᠭᠤᠣᠯᠴᠢ ᠠᠷᠢᠭᠤᠨ ᠴᠢᠬᠡᠴᠢ ᠺᠠᠳ᠋ᠷ ᠤᠨ ᠡᠩᠨᠡᠭᠡ ᠶᠢ ᠪᠠᠶᠢᠭᠤᠯᠵᠤ᠂ ᠠᠷᠢᠭᠤᠨ ᠴᠢᠬᠡᠴᠢ ᠠᠷᠠᠯᠵᠢᠶᠠᠨ ᠤ ᠲᠠᠪᠴᠠᠩ ᠤᠨ ᠰᠠᠶᠢᠨ ᠪᠠᠶᠢᠭᠤᠯᠤᠭᠴᠢ ᠪᠤᠯᠵᠤ᠂ ᠴᠢᠨᠠᠷ ᠰᠠᠶᠢᠲᠠᠢ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠪᠠ ᠰᠤᠷᠲᠠᠯ ᠴᠢᠬᠡᠴᠢ ᠣᠪᠣᠷ ᠲᠥᠪ ᠠᠷᠠᠯᠵᠢᠶᠠᠨ ᠤ ᠠᠭᠤᠷ ᠠᠮᠢᠰᠬᠤᠯ ᠢ ᠬᠦᠴᠦᠯᠡᠨ ᠪᠤᠢ ᠪᠣᠯᠭᠠᠨ᠎ᠠ᠃ 
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ