ᠨᠢᠩᠴᠧᠩ ᠰᠢᠶᠠᠨ ︽1+2︾᠎ ᠤᠨ ᠲᠣᠭᠲᠠᠴᠠ ᠶᠢ ᠰᠦᠪᠡᠭᠴᠢᠯᠡᠨ ᠠᠯᠮᠤᠷᠠᠳ ᠤᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠵᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠪᠠ
ᠨᠡᠶᠢᠲᠡᠯᠡᠭᠰᠡᠨ ᠴᠠᠭ᠄
2024/1/5
   ︽1+2︾ ᠭᠡᠳᠡᠭ ᠨᠢ ᠳᠠᠷᠤᠢ 1 ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠤ᠂ ︽ᠲᠠᠷᠢᠶᠠᠴᠢᠨ ᠡᠷᠦᠭᠡ ᠶᠢᠨ ᠠᠰᠢᠭ ᠲᠤᠰᠠ ᠶᠢᠨ ᠬᠡᠯᠬᠢᠶ᠎ᠡ ︾ ᠪᠠ ︽ᠲᠣᠰᠬᠤᠨ ᠤ ᠬᠠᠮᠲᠤ ᠶᠢᠨ ᠠᠵᠤ ᠠᠬᠤᠢ ᠶᠢᠨ ᠬᠡᠯᠬᠢᠶ᠎ᠡ︾ ᠭᠡᠬᠦ 2 ᠲᠣᠭᠲᠠᠴᠠ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠲᠤᠰ ᠲᠣᠭᠲᠠᠴᠠ ᠶᠢᠨ ᠳᠠᠭᠠᠭᠤᠯᠭ᠎ᠠ ᠳᠣᠣᠷ᠎ᠠ ᠮᠡᠷᠭᠡᠵᠢᠯ ᠤᠨ ᠦᠢᠯᠡᠴᠢᠯᠡᠭᠡᠨ ᠤ ᠨᠠᠮ ᠤᠨ ᠳᠤᠭᠤᠶᠢᠯᠠᠩ ᠢ ᠰᠢᠨ᠎ᠡ ᠪᠠᠷ ᠬᠤᠪᠢᠶᠠᠷᠢᠯᠠᠵᠤ᠂ ᠨᠠᠮ ᠤᠨ ᠭᠡᠰᠢᠭᠦᠨ᠂ ᠵᠢᠮᠢᠰ ᠤᠨ ᠮᠣᠳᠣᠨ ᠤ ᠮᠡᠷᠭᠡᠵᠢᠯ ᠤᠨ ᠴᠢᠳᠠᠪᠤᠷᠢᠲᠠᠨ ᠢᠶᠠᠷ ᠭᠤᠣᠯ ᠴᠣᠭᠴᠠ ᠪᠣᠯᠭᠠᠭᠰᠠᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠠᠩᠭᠢ  ᠶᠢ ᠵᠣᠬᠢᠶᠠᠨ ᠪᠠᠶᠢᠭᠤᠯᠬᠤ  ᠶᠢ ᠲᠦᠯᠬᠢᠨ ᠠᠬᠢᠭᠤᠯᠬᠤ ᠶᠢᠨ ᠬᠠᠮᠲᠤ ᠳᠠᠭᠠᠭᠠᠴᠢᠯᠠᠨ ᠬᠤᠯᠪᠣᠬᠤ ᠬᠡᠰᠡᠭ ᠲᠣᠭᠤᠷᠢᠭ ᠢ ᠵᠠᠭᠠᠭᠯᠠᠨ ᠲᠣᠭᠲᠠᠭᠠᠵᠤ᠂ ︽ᠳᠦᠷᠰᠦ ᠪᠦᠲᠦᠭᠡᠯᠲᠡ ᠶᠢ ᠨᠢᠭᠡᠳᠦᠯᠲᠡᠢ ᠵᠠᠰᠠᠬᠤ᠂ ᠤᠰᠤ ᠪᠣᠷᠳᠣᠭᠤᠷ ᠤᠨ ᠬᠠᠮᠢᠶᠠᠷᠤᠯᠲᠠ ᠶᠢ ᠨᠢᠭᠡᠳᠦᠯᠲᠡᠢ ᠪᠣᠯᠭᠠᠬᠤ᠂ ᠬᠤᠷᠣᠬᠠᠶᠢᠲᠤᠯ ᠢ ᠨᠢᠭᠡᠳᠦᠯᠲᠡᠢ ᠰᠡᠷᠭᠡᠶᠢᠯᠡᠨ ᠡᠪᠡᠳᠴᠢᠨ ᠢ ᠨᠢᠭᠡᠳᠦᠯᠲᠡᠢ ᠠᠷᠢᠯᠭᠠᠬᠤ᠂ ᠪᠦᠲᠦᠭᠡᠭᠳᠡᠬᠦᠨ ᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ᠂ ᠪᠣᠷᠣᠯᠠᠭᠤᠯᠬᠤ ᠠᠷᠭ᠎ᠠ ᠵᠠᠮ ᠢ ᠨᠢᠭᠡᠳᠦᠯᠲᠡᠢ ᠪᠣᠯᠭᠠᠬᠤ᠂ ᠡᠷᠦᠭᠡ ᠬᠤᠪᠢᠶᠠᠨ ᠡᠵᠡᠩᠨᠡᠭᠡᠳ ᠠᠰᠢᠭ ᠬᠥᠷᠳᠡᠬᠦ︾ ︽ᠲᠠᠪᠤ ᠶᠢ ᠨᠢᠭᠡᠳᠦᠯᠲᠡᠢ ᠬᠤᠪᠢᠶᠠᠬᠤ︾ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠠᠵᠤ ᠦᠢᠯᠡᠰ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠭᠡ᠂ ᠲᠠᠷᠢᠶᠠᠴᠢᠨ ᠡᠷᠦᠭᠡ ᠶᠢ ᠲᠠᠶᠢᠴᠢᠯᠠᠨ ᠰᠠᠭᠤᠷᠢᠨ ᠭᠠᠵᠠᠷ ᠲᠤ ᠤᠷᠤᠭᠤᠯᠪᠠ᠃ ᠣᠲᠣ ᠪᠣᠯᠲᠠᠯ᠎ᠠ᠂ 6 ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ 6 ᠵᠠᠬ᠎ᠠ ᠳᠡᠯᠭᠡᠭᠦᠷ ᠤᠨ ᠭᠤᠣᠯ ᠴᠣᠭᠴᠠ᠂ 106 ᠠᠵᠤ ᠦᠢᠯᠡᠰ ᠤᠨ ᠲᠣᠮᠣ ᠡᠷᠦᠬᠡ ᠵᠢᠴᠢ 19 ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠴᠣᠭᠴᠠ ᠳᠤ ᠦᠢᠯᠡᠴᠢᠯᠡᠨ 45 ᠰᠠᠭᠤᠷᠢᠨ ᠭᠠᠵᠠᠷ ᠤᠨ ᠵᠠᠯᠭᠠᠯᠳᠤᠭᠰᠠᠨ ᠣᠷᠣᠨ ᠤ 2800 ᠭᠠᠷᠤᠢ ᠵᠢᠮᠢᠰ ᠤᠨ ᠲᠠᠷᠢᠶᠠᠴᠢᠳ ᠢ ᠳᠠᠶᠢᠴᠢᠯᠠᠨ ᠪᠠᠶᠠᠵᠢᠯ ᠤᠨ ᠵᠠᠮ ᠢ ᠥᠷᠭᠡᠳᠬᠡᠬᠦ ᠳᠤ ᠣᠷᠣᠯᠴᠠᠭᠤᠯᠵᠠᠢ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ