ᠨᠢᠩᠴᠧᠩ ᠰᠢᠶᠠᠨ ᠤ ᠳ᠋ᠦᠩ ᠹᠠᠩ ᠸᠠᠨ ᠴᠢ ᠪᠤᠯᠤᠨ ᠰᠠᠢ ᠹᠧᠢ ᠶᠠ ᠥᠪᠥᠷ ᠮᠣᠩᠭᠤᠯ ᠤᠨ ᠨᠠᠷᠠᠲᠤ ︵ᠵᠠᠭᠤᠨ ᠬᠦᠴᠦᠷᠬᠡᠭ︶᠎ ᠶᠢᠨ ᠨᠠᠷᠠᠲᠤ ᠲᠡᠮᠳᠡᠭᠲᠦ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/1/5
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠠᠴᠠ ᠭᠤᠣᠯᠯᠠᠨ ᠡᠷᠭᠢᠯᠡᠭᠰᠡᠨ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠶᠡᠭᠡ ᠬᠤᠷᠠᠯ ᠠᠴᠠ ︽ᠥᠪᠥᠷ ᠮᠣᠩᠭᠤᠯ ᠤᠨ ᠨᠠᠷᠠᠲᠤ ︵ᠵᠠᠭᠤᠨ ᠬᠦᠴᠦᠷᠬᠡᠭ︶ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠤᠨ ᠦᠨᠡᠯᠡᠯᠲᠡ ᠶᠢᠨ ᠮᠡᠳᠡᠭᠡ ᠵᠠᠩᠭᠢ︾᠎ ᠶᠢ ᠨᠡᠶᠢᠲᠡᠯᠡᠵᠦ᠂ ᠤᠯᠠᠭᠠᠨᠬᠠᠳᠠ ᠬᠤᠲᠠ ᠶᠢᠨ ᠨᠡᠶᠢᠲᠡ 9 ᠨᠠᠷᠠᠲᠤ ᠲᠥᠷᠥᠯ ᠲᠡᠮᠳᠡᠭᠲᠦ ᠶᠢ ᠰᠤᠩᠭᠤᠬᠳᠠᠵᠦ᠂ ᠡᠬᠦᠨ ᠳᠤ ᠨᠢᠩᠴᠧᠩ ᠰᠢᠶᠠᠨ ᠤ ᠳ᠋ᠦᠩ ᠹᠠᠩ ᠸᠠᠨ ᠴᠢ ᠪᠤᠯᠤᠨ ᠰᠠᠢ ᠹᠧᠢ ᠶᠠ ᠥᠪᠥᠷ ᠮᠣᠩᠭᠤᠯ ᠤᠨ ᠨᠠᠷᠠᠲᠤ ︵ᠵᠠᠭᠤᠨ ᠬᠦᠴᠦᠷᠬᠡᠭ︶᠎ ᠶᠢᠨ ᠨᠠᠷᠠᠲᠤ ᠲᠡᠮᠳᠡᠭᠲᠦ ᠪᠠᠷ ᠰᠣᠩᠭᠤᠭᠳᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ