| ︽1+2︾ ᠭᠡᠳᠡᠭ ᠨᠢ ᠳᠠᠷᠤᠢ 1 ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠤ᠂ ︽ᠲᠠᠷᠢᠶᠠᠴᠢᠨ ᠡᠷᠦᠭᠡ ᠶᠢᠨ ᠠᠰᠢᠭ | ᠲᠤᠰᠠ ᠶᠢᠨ ᠬᠡᠯᠬᠢᠶ᠎ᠡ ︾ ᠪᠠ ︽ᠲᠣᠰᠬᠤᠨ ᠤ ᠬᠠᠮᠲᠤ ᠶᠢᠨ ᠠᠵᠤ ᠠᠬᠤᠢ ᠶᠢᠨ ᠬᠡᠯᠬᠢᠶ᠎ᠡ︾ ᠭᠡᠬᠦ 2 ᠲᠣᠭᠲᠠᠴᠠ ᠶᠢᠨ ᠦᠢᠯᠡᠳᠦᠯ ᠢ ᠦᠷᠭᠦᠯᠵᠢᠯᠡᠨ | ᠪᠠᠳᠠᠷᠠᠭᠤᠯᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠲᠤᠰ ᠲᠣᠭᠲᠠᠴᠠ ᠶᠢᠨ ᠳᠠᠭᠠᠭᠤᠯᠭ᠎ᠠ ᠳᠣᠣᠷ᠎ᠠ ᠮᠡᠷᠭᠡᠵᠢᠯ ᠤᠨ ᠦᠢᠯᠡᠴᠢᠯᠡᠭᠡᠨ ᠤ ᠨᠠᠮ ᠤᠨ ᠳᠤᠭᠤᠶᠢᠯᠠᠩ ᠢ | ᠰᠢᠨ᠎ᠡ ᠪᠠᠷ ᠬᠤᠪᠢᠶᠠᠷᠢᠯᠠᠵᠤ᠂ ᠨᠠᠮ ᠤᠨ ᠭᠡᠰᠢᠭᠦᠨ᠂ ᠵᠢᠮᠢᠰ ᠤᠨ ᠮᠣᠳᠣᠨ ᠤ ᠮᠡᠷᠭᠡᠵᠢᠯ ᠤᠨ ᠴᠢᠳᠠᠪᠤᠷᠢᠲᠠᠨ ᠢᠶᠠᠷ ᠭᠤᠣᠯ ᠴᠣᠭᠴᠠ ᠪᠣᠯᠭᠠᠭᠰᠠᠨ ᠲᠤᠰᠬᠠᠢ | ᠮᠡᠷᠭᠡᠵᠢᠯ ᠤᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠬᠠᠮᠲᠤ ᠳᠠᠭᠠᠭᠠᠴᠢᠯᠠᠨ ᠬᠤᠯᠪᠣᠬᠤ ᠬᠡᠰᠡᠭ ᠲᠣᠭᠤᠷᠢᠭ ᠢ | ᠵᠠᠭᠠᠭᠯᠠᠨ ᠲᠣᠭᠲᠠᠭᠠᠵᠤ᠂ ︽ᠳᠦᠷᠰᠦ ᠪᠦᠲᠦᠭᠡᠯᠲᠡ ᠶᠢ ᠨᠢᠭᠡᠳᠦᠯᠲᠡᠢ ᠵᠠᠰᠠᠬᠤ᠂ ᠤᠰᠤ ᠪᠣᠷᠳᠣᠭᠤᠷ ᠤᠨ ᠬᠠᠮᠢᠶᠠᠷᠤᠯᠲᠠ ᠶᠢ ᠨᠢᠭᠡᠳᠦᠯᠲᠡᠢ ᠪᠣᠯᠭᠠᠬᠤ᠂ | ᠬᠤᠷᠣᠬᠠᠶᠢᠲᠤᠯ ᠢ ᠨᠢᠭᠡᠳᠦᠯᠲᠡᠢ ᠰᠡᠷᠭᠡᠶᠢᠯᠡᠨ ᠡᠪᠡᠳᠴᠢᠨ ᠢ ᠨᠢᠭᠡᠳᠦᠯᠲᠡᠢ ᠠᠷᠢᠯᠭᠠᠬᠤ᠂ ᠪᠦᠲᠦᠭᠡᠭᠳᠡᠬᠦᠨ ᠤ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ᠂ ᠪᠣᠷᠣᠯᠠᠭᠤᠯᠬᠤ | ᠠᠷᠭ᠎ᠠ ᠵᠠᠮ ᠢ ᠨᠢᠭᠡᠳᠦᠯᠲᠡᠢ ᠪᠣᠯᠭᠠᠬᠤ᠂ ᠡᠷᠦᠭᠡ ᠬᠤᠪᠢᠶᠠᠨ ᠡᠵᠡᠩᠨᠡᠭᠡᠳ ᠠᠰᠢᠭ ᠬᠥᠷᠳᠡᠬᠦ︾ ︽ᠲᠠᠪᠤ ᠶᠢ ᠨᠢᠭᠡᠳᠦᠯᠲᠡᠢ ᠬᠤᠪᠢᠶᠠᠬᠤ︾ ᠡᠵᠡᠩᠨᠡᠯᠲᠡ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠠᠵᠤ ᠦᠢᠯᠡᠰ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠵᠤ ᠲᠡᠵᠢᠭᠡᠨ ᠦᠷᠡᠵᠢᠭᠦᠯᠬᠦ | ᠲᠣᠮᠣ ᠡᠷᠦᠭᠡ᠂ ᠲᠠᠷᠢᠶᠠᠴᠢᠨ ᠡᠷᠦᠭᠡ ᠶᠢ ᠲᠠᠶᠢᠴᠢᠯᠠᠨ ᠰᠠᠭᠤᠷᠢᠨ ᠭᠠᠵᠠᠷ ᠲᠤ ᠤᠷᠤᠭᠤᠯᠪᠠ᠃ ᠣᠲᠣ ᠪᠣᠯᠲᠠᠯ᠎ᠠ᠂ 6 ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ᠂ 6 ᠵᠠᠬ᠎ᠠ ᠳᠡᠯᠭᠡᠭᠦᠷ ᠤᠨ ᠭᠤᠣᠯ ᠴᠣᠭᠴᠠ᠂ 106 ᠠᠵᠤ ᠦᠢᠯᠡᠰ ᠤᠨ ᠲᠣᠮᠣ ᠡᠷᠦᠬᠡ ᠵᠢᠴᠢ 19 ᠲᠣᠰᠬᠤᠨ ᠤ ᠱᠠᠲᠤᠨ ᠤ | ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ | ᠴᠣᠭᠴᠠ ᠳᠤ ᠦᠢᠯᠡᠴᠢᠯᠡᠨ 45 ᠰᠠᠭᠤᠷᠢᠨ ᠭᠠᠵᠠᠷ ᠤᠨ ᠵᠠᠯᠭᠠᠯᠳᠤᠭᠰᠠᠨ ᠣᠷᠣᠨ ᠤ 2800 ᠭᠠᠷᠤᠢ ᠵᠢᠮᠢᠰ ᠤᠨ ᠲᠠᠷᠢᠶᠠᠴᠢᠳ ᠢ ᠳᠠᠶᠢᠴᠢᠯᠠᠨ ᠪᠠᠶᠠᠵᠢᠯ ᠤᠨ ᠵᠠᠮ ᠢ | ᠥᠷᠭᠡᠳᠬᠡᠬᠦ ᠳᠤ ᠣᠷᠣᠯᠴᠠᠭᠤᠯᠵᠠᠢ᠃ | | |