ᠯᠢᠨᠰᠢ ᠰᠢᠶᠠᠨ ᠣᠯᠠᠨ ᠠᠷᠭ᠎ᠠ ᠬᠡᠮᠵᠢᠶ᠎ᠡ ᠪᠠᠷ ᠵᠢᠱᠢᠶᠡᠴᠢ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/1/8
      ᠯᠢᠨᠰᠢ ᠰᠢᠶᠠᠨ ︽ᠲᠦᠷᠪᠡᠨ ᠭᠤᠣᠯᠳᠠᠯᠭ᠎ᠠ︾᠎ ᠳᠤ ᠰᠠᠭᠤᠷᠢᠯᠠᠨ᠂ ︽ᠲᠦᠷᠪᠡᠨ ᠬᠦᠴᠦᠨ︾᠎ ᠢ ᠴᠢᠩᠭᠠᠳᠬᠠᠵᠤ᠂ ᠤᠳᠤᠨ ᠳᠡᠰ ᠤᠨ ᠬᠢ ᠲᠠᠢ ᠠᠳᠠᠯᠢᠳᠬᠠᠬᠤ᠂ ᠪᠠᠲᠤ ᠴᠢᠩᠭ᠎ᠠ ᠵᠢᠱᠢᠶᠡᠴᠢ ᠨᠠᠮ ᠤᠨ ᠡᠭᠦᠷ ᠢ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠡᠢ᠃      ᠤᠭ ᠰᠠᠨᠠᠭ᠎ᠠ ᠪᠠᠨ ᠦᠯᠦ ᠮᠠᠷᠲᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠯᠭᠡᠬᠦ ᠬᠦᠴᠦᠨ ᠢ ᠴᠢᠩᠭᠠᠳᠬᠠᠪᠠ᠃ ᠬᠤᠪᠢᠰᠬᠠᠯᠲᠤ ᠬᠥᠮᠦᠵᠢᠯ ᠢ ᠰᠠᠶᠢᠲᠤᠷ ᠠᠳᠬᠤᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃ ︽ᠤᠮᠠᠷᠠᠲᠤ ᠶᠢᠨ ᠬᠠᠯᠠᠭᠤᠨ ᠥᠯᠥᠭᠡᠢ︾ ᠭᠡᠬᠦ ᠪᠠᠷᠢᠮᠲᠠᠲᠤ ᠹᠢᠯᠢᠮ ᠢ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠤ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠯᠢᠨᠰᠢ ᠎ ᠶᠢᠨ ᠵᠠᠭᠤᠨ ᠵᠢᠯ ᠤᠨ ᠲᠡᠦᠬᠡ ᠶᠢ ᠡᠷᠭᠢᠴᠡᠭᠦᠯᠬᠦ ᠪᠠᠷ ᠳᠠᠮᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠢ ᠤᠭ ᠰᠠᠨᠠᠭ᠎ᠠ ᠪᠠᠨ ᠦᠯᠦ ᠮᠠᠷᠲᠠᠨ᠂ ᠡᠷᠡᠯᠬᠡᠭᠯᠡᠨ ᠤᠷᠤᠭᠰᠢᠯᠠᠬᠤ ᠶᠢ ᠵᠣᠷᠢᠬᠵᠢᠭᠤᠯᠪᠠ;ᠬᠤᠪᠢᠰᠬᠠᠯᠳᠤ ᠬᠥᠮᠦᠵᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠪᠠ᠃ ᠯᠢᠨᠰᠢ ᠰᠢᠶᠠᠨ ᠤ ᠮᠦᠽᠧᠢ᠂ ᠰᠢ ᠱᠠᠨ ᠭᠧᠨ ᠲᠣᠰᠬᠤᠨ ᠤ ᠨᠠᠮ ᠤᠨ ᠭᠡᠰᠢᠭᠦᠨ ᠤ ᠬᠤᠪᠢᠰᠬᠠᠯᠲᠤ ᠬᠥᠮᠦᠵᠢᠯ ᠤᠨ ᠰᠠᠭᠤᠷᠢᠨ ᠭᠠᠵᠠᠷ᠂ ᠯᠢᠨᠰᠢ ᠰᠢᠶᠠᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠠᠯᠠᠪᠠᠢ ᠵᠡᠷᠭᠡ ᠬᠤᠪᠢᠰᠬᠠᠯᠲᠤ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ᠂ ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠢ ᠨᠡᠶᠢᠳᠡ 550 ᠭᠠᠷᠤᠢ ᠤᠳᠠᠭ᠎ᠠ ᠥᠷᠨᠢᠭᠦᠯᠵᠦ᠂ 2.2 ᠨᠠᠮ ᠤᠨ ᠭᠡᠰᠢᠭᠦᠨ ᠢ ᠪᠤᠯᠪᠠᠰᠤᠷᠠᠭᠤᠯᠪᠠ;ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠵᠡᠢ᠃ ᠬᠤᠪᠢᠰᠬᠠᠯ ᠤᠨ ᠬᠢᠴᠢᠶᠡᠯ ᠤᠨ ᠲᠠᠩᠬᠢᠮ᠂ ᠬᠤᠪᠢᠰᠬᠠᠯ ᠤᠨ ᠺᠢᠨᠣ᠋ ᠶᠢᠨ ᠣᠷᠳᠣᠨ ᠵᠡᠷᠭᠡ ᠵᠠᠭᠤᠴᠢᠯᠠᠭᠤᠷ ᠢ ᠠᠰᠢᠭᠯᠠᠵᠤ᠂ ᠲᠣᠭᠤᠷᠢᠨ ᠦᠵᠡᠭᠦᠯᠭᠡ ᠳᠤ ︽ᠯᠢᠨᠰᠢ ᠶᠢᠨ ᠬᠤᠪᠢᠰᠬᠠᠯ ᠤᠨ ᠦᠯᠢᠭᠡᠷ᠄ ᠨᠠᠢᠮᠠᠨ ᠮᠢᠩᠭᠠᠨ ᠬᠥᠪᠡᠭᠦᠳ ᠥᠬᠢᠳ ᠲᠠᠶᠢᠨ ᠳᠤ ᠮᠣᠷᠳᠠᠭᠰᠠᠨ︾ᠵᠡᠷᠭᠡ 3 ᠪᠢᠴᠢᠯ ᠨᠠᠮ ᠤᠨ ᠬᠢᠴᠢᠶᠡᠯ ᠤᠨ ᠲᠠᠩᠬᠢᠮ ᠢ ᠨᠡᠭᠡᠭᠡᠵᠦ᠂ ᠨᠠᠮ ᠤᠨ ᠭᠡᠰᠢᠭᠦᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠰᠢᠨ᠎ᠡ ᠭᠠᠪᠢᠶ᠎ᠠ ᠪᠠᠶᠢᠭᠤᠯᠬᠤ ᠶᠢ ᠡᠷᠴᠢ ᠵᠣᠷᠢᠭ ᠢ ᠨᠢ ᠬᠥᠭᠵᠢᠭᠡᠪᠡ᠃      ᠭᠤᠣᠯᠯᠠᠭᠴᠢ ᠬᠦᠴᠦᠨ ᠢ ᠪᠤᠵᠠᠭᠠᠶᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠬᠦᠴᠦᠨ ᠢ ᠴᠢᠩᠭᠠᠷᠠᠭᠤᠯᠪᠠ᠃ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠬᠤ ᠳᠡᠭᠡᠷ᠎ᠡ ᠬᠦᠴᠦ ᠲᠠᠯᠪᠢᠵᠠᠢ᠃ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠲᠠᠩᠰᠠᠯᠠᠨ ᠬᠠᠮᠢᠶᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 11 ᠰᠢᠯᠢᠳᠡᠭ ᠴᠢᠳᠠᠪᠤᠷᠢᠲᠠᠨ ᠢ ᠲᠣᠰᠬᠤᠨ ᠳᠤ ᠰᠣᠩᠭᠤᠨ ᠲᠣᠮᠢᠯᠠᠵᠤ ᠲᠤᠰᠢᠶᠠᠯ ᠬᠠᠷᠢᠭᠤᠴᠠᠭᠤᠯᠵᠤ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠳᠤ ᠲᠣᠬᠢᠷᠠᠬᠤ ᠦᠭᠡᠢ 12 ᠬᠥᠮᠥᠨ ᠳᠤ ᠰᠢᠨ᠎ᠡ ᠪᠠᠷ ᠲᠣᠬᠢᠷᠠᠭᠤᠯᠤᠯᠲᠠ ᠬᠢᠪᠡ᠃ 46 ᠪᠠᠶᠢᠭᠤᠯᠭ᠎ᠠ ᠨᠢᠭᠡᠴᠢ ᠶᠢᠨ ᠭᠤᠣᠯᠯᠠᠭᠴᠢ ᠬᠦᠴᠦᠨ ᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠱᠦᠵᠢ︾ ᠪᠤᠯᠭᠠᠵᠤ᠂ 4 ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠨᠠᠮ ᠤᠨ ᠭᠡᠰᠢᠭᠦᠨ ᠪᠣᠯᠭᠠᠨ ᠬᠥᠮᠥᠵᠢᠭᠦᠯᠵᠦ᠂ 8 ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢ ᠲᠡᠰ ᠳᠡᠪᠰᠢᠭᠦᠯᠵᠦ᠂ 6 ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠲᠣᠬᠢᠷᠠᠭᠤᠯᠤᠯᠲᠠ ᠭᠢᠪᠡ;ᠭᠡᠪ ᠴᠢᠨᠠᠷ ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠵᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠦᠭᠦ ᠠᠵᠢᠯᠲᠠᠳ ᠲᠤ ᠪᠣᠯᠪᠠᠰᠤᠷᠠᠯ ᠬᠦᠷᠲᠡᠭᠡᠵᠡᠢ᠃ ᠨᠣᠭᠤᠭ᠎ᠠ᠂ ᠵᠢᠮᠢᠰ᠂ ᠡᠮ᠂ ᠦᠬᠡᠷ᠂ ᠮᠦᠭᠦ᠂ ᠡᠷᠳᠡᠨᠢ ᠰᠢᠰᠢ᠂ ᠰᠢᠬᠢᠷ ᠯᠤᠤᠪᠠᠩ᠂ ᠡᠯᠳᠡᠪ ᠠᠮᠤ ᠡᠯᠳᠡᠪ ᠪᠤᠷᠴᠠᠭ ᠵᠡᠷᠭᠡ ᠠᠵᠤ ᠦᠢᠯᠡᠰ ᠤᠨ ᠲᠣᠭᠤᠷᠢᠨ ᠳᠤ᠂ 2 ᠬᠤᠭᠤᠴᠠᠭᠠᠨ ᠤ ᠵᠢᠱᠢᠶ᠎ᠡ ᠦᠵᠡᠭᠦᠯᠭᠦ ᠪᠣᠯᠪᠠᠰᠤᠷᠠᠯ ᠤᠨ ᠠᠩᠭᠢ ᠶᠢ ᠡᠷᠭᠢᠯᠡᠵᠦ᠂ 104 ᠲᠣᠰᠬᠤᠨ ᠤ ᠨᠠᠮ ᠤᠨ ᠡᠭᠦᠷ ᠤᠨ ᠱᠦᠵᠢ ᠳᠤ ᠪᠣᠯᠪᠠᠰᠤᠷᠠᠯ ᠭᠦᠷᠳᠡᠭᠡᠪᠡ;ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠳᠤ ᠬᠦᠴᠦ ᠲᠠᠯᠪᠢᠵᠠᠢ᠃ ᠰᠢᠶᠠᠨ᠂ ᠰᠢᠶᠠᠩ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠮᠡᠳᠡᠯᠭᠡ ᠎ ᠶᠢᠨ ᠮᠥᠷᠥᠶᠢᠴᠡᠭᠡᠨ ᠤ ᠠᠵᠢᠯᠯᠠᠭᠠᠨ ᠢ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠦᠯᠢᠭᠡᠷ ᠳᠠᠭᠤᠷᠢᠶᠠᠯ ᠦᠵᠡᠭᠦᠯᠭᠦ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠶᠢ ᠲᠦᠯᠬᠢᠨ ᠠᠬᠢᠭᠤᠯᠵᠤ᠂ ᠰᠢᠶᠠᠨ ᠤ ᠱᠠᠲᠤᠨ ᠤ 86 ᠡᠭᠦᠷᠭᠡᠯᠡᠯ ᠬᠠᠷᠢᠭᠤᠴᠠᠯᠭ᠎ᠠ ᠲᠠᠢ ᠨᠠᠮ ᠤᠨ ᠡᠭᠦᠷ ᠤᠨ ᠱᠦᠵᠢ ᠶᠢ ᠦᠨᠡᠯᠡᠨ ᠰᠢᠯᠭᠠᠷᠠᠭᠤᠯᠪᠠ᠃      ᠭᠤᠣᠯ ᠠᠵᠢᠯ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ︽5+6+N︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ︽ᠤᠳᠤᠨ ᠲᠡᠰ ᠲᠠᠢ ᠠᠳᠠᠯᠢᠳᠬᠠᠬᠤ︾ ᠠᠵᠢᠯᠯᠠᠭᠠᠨ ᠢ ᠥᠷᠨᠢᠭᠦᠯᠵᠦ᠂ ︽ᠣᠳᠣᠨ ᠲᠠᠰ︾᠎ ᠤᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠠᠵᠢᠯ ᠤᠨ ᠡᠭᠦᠷᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠬᠦᠷᠢᠶᠡᠨ ᠳᠠᠬᠢ ᠨᠠᠮ ᠤᠨ ᠡᠭᠦᠷ ᠤᠨ ᠬᠦᠴᠦᠨ ᠢ ᠨᠢᠭᠲᠠᠷᠠᠭᠤᠯᠵᠤ᠂ ︽ᠣᠳᠣᠨ ᠲᠡᠰ︾᠎ ᠢ ᠲᠡᠮᠡᠴᠡᠬᠦ ᠶᠢ ᠲᠦᠯᠬᠢᠨ ᠠᠬᠢᠭᠤᠯᠪᠠ᠃ ᠬᠥᠳᠡᠭᠡ ᠲᠣᠰᠬᠤᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠦᠨᠳᠦᠰᠦᠨ ᠱᠠᠲᠤᠨ ᠤ ᠵᠠᠰᠠᠯᠲᠠ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠵᠡᠷᠭᠡ ᠲᠠᠯ᠎ᠠ ᠪᠠᠷ ᠤᠳᠤᠨ ᠲᠡᠰ ᠦᠨᠡᠯᠡᠪᠡ᠃ ᠨᠡᠶᠢᠭᠡᠮ ᠲᠣᠭᠤᠷᠢᠭ ᠲᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠲᠣᠤᠷᠵᠢᠭᠤᠯᠤᠨ ᠵᠠᠰᠠᠬᠤ᠂ ᠦᠨᠳᠦᠰᠦᠲᠡᠨ ᠤ ᠪᠦᠯᠬᠦᠮᠳᠡᠯ᠂ ᠨᠠᠮ ᠤᠨ ᠤᠳᠤᠷᠢᠳᠤᠯᠭ᠎ᠠ ᠳᠣᠣᠷᠠᠬᠢ ᠠᠳᠠᠯ ᠠᠬᠤᠢ᠂ ᠪᠠᠶᠢᠰᠢᠩ ᠭᠡᠷ ᠤᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠶᠢᠨ ᠲᠣᠭᠤᠷᠢᠨ ᠳᠤ ᠣᠲᠣᠨ ᠲᠡᠰ ᠢ ᠦᠨᠡᠯᠡᠨ ᠰᠢᠯᠭᠠᠷᠠᠭᠤᠯᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠳᠤ᠂ ᠭᠤᠣᠯᠳᠠᠯᠭ᠎ᠠ ᠲᠠᠢ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ ᠣᠲᠣᠨ ᠲᠡᠰ ᠢ ᠦᠨᠡᠯᠡᠨ ᠰᠢᠯᠭᠠᠷᠠᠭᠤᠯᠪᠠ᠃ ᠠᠵᠤ ᠠᠬᠤᠶᠢᠯᠠᠯ ᠳᠤ᠂ ᠴᠢᠨᠠᠷ ᠰᠠᠶᠢᠲᠠᠢ ᠬᠥᠭᠵᠢᠯᠲᠡ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠶᠢᠯᠠᠯ ᠤᠨ ᠰᠣᠶᠣᠯ᠂ ᠬᠠᠤᠯᠢ ᠶᠣᠰᠣ ᠪᠠᠷ ᠠᠵᠢᠯᠴᠢᠨ ᠬᠡᠷᠡᠭᠯᠡᠬᠦ ᠵᠡᠷᠭᠡ ᠲᠠᠯ᠎ᠠ ᠪᠠᠷ ᠤᠳᠤᠨ ᠲᠡᠰ ᠢ ᠦᠨᠡᠯᠡᠨ ᠰᠢᠯᠭᠠᠷᠠᠭᠤᠯᠪᠠ᠃ ᠣᠲᠣ ᠪᠤᠯᠲᠠᠯ᠎ᠠ᠂ ᠪᠦᠭᠦ ᠰᠢᠶᠠᠨ ᠤ 8 ᠣᠲᠣᠨ ᠠᠴᠠ ᠳᠡᠭᠡᠭᠰᠢᠬᠢ ᠨᠠᠮ ᠤᠨ ᠡᠭᠦᠷ 161 ᠪᠣᠯᠵᠤ᠂ 68 ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 20 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠣᠳᠣᠨ ᠲᠠᠰ ᠤᠨ ︽ᠨᠠᠮ ᠤᠨ ᠤᠳᠤᠷᠢᠳᠤᠯᠭ᠎ᠠ ᠳᠣᠣᠷᠠᠬᠢ ᠶᠢᠨ ᠠᠳᠠᠯ ᠠᠬᠤᠢ︾ ᠎ ᠶᠢᠨ ᠵᠢᠱᠢᠶ᠎ᠡ ᠦᠵᠡᠭᠦᠯᠭᠦ ᠴᠡᠭ 2 ᠪᠠᠶᠢᠵᠤ᠂ ︽ᠬᠤᠣᠰ ᠬᠦᠴᠦᠷᠬᠡᠭ ᠵᠢᠷᠭᠤᠭᠠᠨ ᠰᠠᠶᠢᠨᠲᠠᠢ︾ ᠨᠠᠮ ᠤᠨ ᠵᠣᠬᠢᠶᠠᠨ ᠪᠠᠶᠢᠭᠤᠯᠤᠯᠲᠠ ᠶᠢ 8 ᠪᠠᠶᠢᠭᠤᠯᠵᠤ᠂ ᠯᠢᠨᠰᠢ ᠰᠢᠶᠠᠨ 2023 ᠣᠨ ᠤ ᠤᠯᠤᠰ ᠤᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠭᠦ ᠣᠷᠣᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠭᠦ ᠰᠢᠶᠠᠨ ᠢ ᠡᠭᠦᠳᠦᠨ ᠪᠠᠶᠢᠭᠤᠯᠬᠤ ᠨᠡᠷᠡᠰ ᠲᠤ ᠣᠷᠣᠭᠰᠠᠨ ᠪᠠᠶᠢᠨ᠎ᠠ᠃      ᠠᠷᠠᠳ ᠤᠨ ᠰᠡᠳᠬᠢᠯ ᠢ ᠨᠢᠭᠲᠠᠷᠠᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠯ ᠬᠦᠴᠦᠨ ᠢ ᠴᠢᠩᠭᠠᠷᠠᠭᠤᠯᠪᠠ᠃ ᠭᠠᠵᠠᠷ ᠤᠨ ᠳᠡᠰ ᠤᠨ ᠺᠠᠳ᠋ᠷ ᠦᠯᠢᠭᠡᠷ ᠳᠠᠭᠤᠷᠢᠶᠠᠯ ᠦᠵᠡᠭᠦᠯᠪᠡ᠃ ᠪᠦᠭᠦ ᠰᠢᠶᠠᠨ ᠤ ᠪᠠᠶᠢᠴᠠᠭᠠᠨ ᠰᠤᠳᠤᠯᠤᠯᠲᠠ ᠶᠢ ᠶᠡᠭᠡ ᠪᠠᠷ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠰᠢᠶᠠᠨ ᠤ ᠱᠠᠲᠤᠨ ᠤ 32 ᠤᠳᠤᠷᠢᠳᠤᠯᠭ᠎ᠠ ᠨᠡᠶᠢᠳᠡ 63 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ 21 ᠠᠰᠠᠭᠤᠳᠠᠯ ᠢ ᠢᠯᠡᠷᠡᠭᠦᠯᠵᠦ᠂ 16 ᠵᠦᠢᠯ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ 15 ᠠᠰᠠᠭᠤᠳᠠᠯ ᠢ ᠰᠤᠳᠤᠯᠤᠨ ᠰᠢᠶᠳᠪᠦᠷᠢᠯᠡᠪᠡ;ᠦᠨᠳᠦᠰᠦᠨ ᠱᠠᠲᠤᠨ ᠤ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠪᠠ᠃ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠰᠢᠢᠳᠪᠦᠷᠢᠯᠡᠬᠦ︾ ᠪᠠ ᠤᠯᠠᠨ ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠲᠤᠰᠬᠠᠢ ᠠᠵᠢᠯᠯᠠᠭᠠᠨ ᠢ ᠢᠳᠡᠪᠬᠢᠲᠡᠢ ᠥᠷᠨᠢᠭᠦᠯᠪᠡ᠃ ᠨᠢᠭᠡᠳᠦᠭᠡᠷ ᠹᠷᠣᠨᠲ ᠲᠤ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠭ᠎ᠠ ᠰᠣᠯᠢᠯᠴᠠᠭ᠎ᠠ ᠬᠢᠬᠦ᠂ ᠵᠠᠬᠢᠳᠠᠯ ᠰᠣᠷᠪᠤᠯᠵᠢᠯᠠᠭ᠎ᠠ ᠬᠢᠬᠦ᠂ ︽12345︾ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠬᠠᠯᠠᠭᠤᠨ ᠤᠲᠠᠰᠤ᠂ ᠰᠦᠯᠵᠢᠶ᠎ᠡ ᠪᠠᠷ ᠦᠭᠡ ᠦᠯᠡᠳᠡᠭᠡᠬᠦ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ᠡᠯ᠎ᠡ ᠲᠥᠷᠥᠯ ᠤᠨ ᠠᠰᠠᠭᠤᠳᠠᠯ ᠢ ᠨᠡᠶᠢᠲᠡ 663 ᠬᠤᠪᠢ 9 ᠴᠤᠬᠯᠠᠭᠤᠯᠪᠠ;ᠥᠷᠭᠡᠨ ᠤᠯᠠᠨ ᠨᠠᠮ ᠤᠨ ᠭᠡᠰᠢᠭᠦᠨ ᠢᠳᠡᠪᠬᠢᠲᠡᠢ ᠣᠷᠣᠯᠴᠠᠪᠠ᠃ ︽ᠪᠠᠶᠢᠭᠤᠯᠭ᠎ᠠ ᠨᠢᠭᠡᠴᠢ ᠳᠠᠶᠢᠴᠢᠯᠠᠬᠤ᠂ ᠺᠠᠳ᠋ᠷ ᠳᠠᠶᠢᠴᠢᠯᠠᠬᠤ᠂ ᠤᠯᠠᠨ ᠲᠦᠮᠡᠨ ᠣᠷᠤᠯᠴᠠᠬᠤ︾ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠠᠵᠢᠯᠯᠠᠭᠠᠨ ᠢ ᠥᠷᠨᠢᠭᠦᠯᠪᠡ᠃ 74 ᠪᠠᠶᠢᠭᠤᠯᠭ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠲᠣᠭᠤᠷᠢᠭ᠂ ᠳᠠᠭᠠᠭᠠᠴᠢᠯᠠᠨ ᠬᠤᠯᠪᠣᠭᠠᠯᠠᠭᠰᠠᠨ ᠰᠠᠭᠤᠭᠠᠯᠢ ᠠᠷᠠᠳ ᠤᠨ ᠲᠣᠭᠤᠷᠢᠭ ᠢ ᠬᠠᠮᠲᠤ ᠪᠠᠷ ᠪᠠᠶᠢᠭᠤᠯᠬᠤ ᠳᠤ ᠨᠡᠶᠢᠳᠡ 360 ᠭᠠᠷᠤᠢ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠳᠤ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠮᠣᠩᠭᠤᠯ ᠰᠥᠯᠵᠢᠶ᠎ᠡ