ᠬᠠᠷᠠᠴᠢᠨ ᠬᠤᠰᠢᠭᠤ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/1/8
         ᠬᠠᠷᠠᠴᠢᠨ ᠬᠤᠰᠢᠭᠤ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠬᠦᠴᠦᠨ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠦᠨ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠣᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠠᠢ᠃      ᠤᠯᠤᠰ ᠲᠦᠷᠦ ᠪᠠᠷ ᠬᠥᠲᠥᠯᠥᠨ ᠵᠢᠯᠤᠭᠤᠳᠬᠤ ᠶᠢ ᠲᠤᠪᠤᠶᠢᠯᠭᠠᠵᠦ᠂ ᠨᠠᠮ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠪᠠ᠃ ᠵᠣᠬᠢᠶᠠᠨ ᠪᠠᠶᠢᠭᠤᠯᠤᠨ ᠶᠡᠷᠦᠩᠬᠡᠶᠢᠯᠡᠨ ᠵᠢᠯᠤᠭᠤᠳᠴᠤ ᠦᠨᠳᠦᠰᠦ ᠶᠢ ᠪᠠᠲᠤᠳᠬᠠᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤᠨ ᠱᠠᠲᠤᠨ ᠤ ᠤᠳᠤᠷᠢᠳᠤᠯᠭ᠎ᠠ ᠰᠢᠶᠠᠩ ᠪᠠᠯᠭᠠᠰᠤ ᠶᠢ ᠳᠠᠭᠠᠭᠠᠴᠢᠯᠠᠬᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠬᠡᠰᠡᠭ ᠳᠠᠭᠠᠭᠠᠴᠢᠯᠠᠬᠤ᠂ ᠪᠠᠶᠢᠭᠤᠯᠭ᠎ᠠ ᠶᠢᠨ ᠺᠠᠳ᠋ᠷ ᠲᠣᠰᠬᠤᠨ ᠢ ᠳᠠᠭᠠᠭᠠᠴᠢᠯᠠᠬᠤ᠂ ᠬᠤᠶᠠᠷ ᠵᠥᠪᠯᠡᠯ ᠤᠨ ᠺᠠᠳ᠋ᠷ ᠲᠣᠣᠷᠵᠢᠯ ᠢ ᠳᠠᠭᠠᠭᠠᠴᠢᠯᠠᠬᠤ᠂ ᠨᠠᠮ ᠤᠨ ᠭᠡᠰᠢᠭᠦᠨ ᠡᠷᠦᠭᠡ ᠶᠢ ᠳᠠᠭᠠᠭᠠᠴᠢᠯᠠᠬᠤ ︽ᠲᠠᠪᠤ ᠶᠢ ᠳᠠᠭᠠᠭᠠᠴᠢᠯᠠᠬᠤ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠲᠦᠯᠬᠢᠨ ᠠᠬᠢᠭᠤᠯᠬᠤ ᠶᠢᠨ ᠬᠠᠮᠲᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠨᠡᠯᠡᠯᠲᠡ ᠶᠢᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ 12 ᠪᠠᠶᠢᠩᠭᠤ ᠶᠢᠨ ᠭᠡᠰᠢᠭᠦᠨ 11 ᠰᠢᠶᠠᠩ ᠪᠠᠯᠭᠠᠰᠤ ᠵᠡᠭᠡᠯᠢ ᠭᠤᠳᠤᠮᠵᠢ ᠶᠢᠨ 12 ᠲᠣᠰᠬᠤᠨ ᠢ ᠳᠠᠭᠠᠭᠠᠴᠢᠯᠠᠨ ᠬᠤᠯᠪᠣᠭᠠᠯᠠᠵᠤ᠂ ᠪᠦᠭᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠱᠦᠵᠢ ᠵᠢᠴᠢ ᠤᠳᠤᠷᠢᠳᠬᠤ ᠪᠠᠭ ᠤᠨ ᠭᠡᠰᠢᠭᠦᠳ ᠢ ᠳᠠᠶᠢᠴᠢᠯᠠᠨ ᠨᠠᠮ ᠤᠨ ᠡᠭᠦᠷ ᠢ ᠠᠳᠬᠤᠨ᠂ ᠦᠨᠳᠦᠰᠦᠨ ᠱᠠᠲᠤᠨ ᠤ ᠪᠠᠶᠢᠭᠤᠯᠤᠯᠲᠠ ᠶᠢ ᠴᠢᠩᠭᠠᠳᠬᠠᠨ ᠰᠠᠭᠤᠷᠢ ᠶᠢ ᠨᠢ ᠪᠠᠲᠤᠳᠬᠠᠵᠠᠢ᠃      ᠰᠠᠭᠤᠷᠢ ᠶᠢ ᠪᠠᠲᠤᠳᠬᠠᠨ ᠴᠢᠳᠠᠪᠤᠷᠢ ᠶᠢ ᠳᠡᠭᠡᠭᠰᠢᠯᠡᠭᠦᠯᠭᠦ ᠶᠢ ᠠᠩᠬᠠᠷᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠶᠢᠴᠢᠨ ᠪᠠᠬᠢᠯᠡᠯᠲᠡ ᠶᠢ ᠪᠦᠭᠦ ᠲᠠᠯ᠎ᠠ ᠪᠠᠷ ᠪᠠᠬᠢᠵᠢᠭᠦᠯᠪᠡ᠃ ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠨ᠂ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠰᠢᠯᠢᠳᠡᠭ ᠨᠠᠮ ᠤᠨ ᠡᠭᠦᠷ ᠤᠨ ᠠᠵᠢᠯ ᠤᠨ ᠠᠷᠭ᠎ᠠ ᠶᠢ ᠳᠡᠯᠭᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠣᠳᠠᠲᠤ ᠬᠡᠷᠡᠭᠯᠡᠭᠡᠨ ᠤ ᠲᠦᠷᠦ ᠶᠢᠨ ᠪᠣᠳᠣᠯᠭ᠎ᠠ ᠶᠢᠨ ᠡᠮᠬᠢᠳᠬᠡᠯ ᠢ ᠡᠮᠬᠢᠯᠡᠬᠦ ᠶᠢᠨ ᠬᠠᠮᠲᠤ ᠪᠦᠭᠦ ᠬᠤᠰᠢᠭᠤᠨ ᠤ ᠲᠡᠦᠬᠡ ᠰᠣᠶᠣᠯ ᠢᠷᠭᠡᠨᠰᠢᠯ᠂ ᠡᠬᠢ ᠪᠠᠶᠠᠯᠢᠭ᠂ ᠠᠵᠤ ᠦᠢᠯᠡᠰ ᠤᠨ ᠬᠦᠴᠦᠨ ᠵᠦᠢᠯ ᠵᠡᠷᠭᠡ ᠶᠢ ᠶᠡᠷᠦᠩᠬᠡᠶᠢᠯᠡᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ 9 ᠨᠡᠶᠢᠲᠡᠯᠢᠭ ᠵᠢᠱᠢᠶ᠎ᠡ᠂ ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ 1 ᠨᠡᠶᠢᠲᠡᠯᠢᠭ ᠵᠢᠱᠢᠶ᠎ᠡ᠂ ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠤᠭᠰᠠᠨ 2 ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠪᠠ᠃      ᠴᠢᠳᠠᠪᠤᠷᠢᠲᠠᠨ ᠬᠥᠮᠥᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢ ᠬᠤᠷᠠᠮᠳᠤᠭᠤᠯᠪᠠ᠃ ᠪᠦᠭᠦ ᠬᠤᠰᠢᠭᠤᠨ ᠤ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︽ᠳᠡᠭᠡᠳᠦ ᠲᠠᠰ ᠤᠨ ᠴᠢᠳᠠᠪᠤᠷᠢᠲᠠᠨ + ᠨᠤᠲᠤᠭ ᠤᠨ ᠴᠢᠳᠠᠪᠤᠷᠢᠲᠠᠨ + ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ ᠴᠢᠳᠠᠪᠤᠷᠢᠲᠠᠨ︾᠎ ᠤ ᠦᠢᠯᠡᠴᠢᠯᠡᠭᠡᠨ ᠤ ᠬᠡᠯᠬᠢᠶ᠎ᠡ ᠶᠢ ᠪᠤᠶ ᠪᠤᠯᠭᠠᠵᠤ᠂ ᠬᠤᠰᠢᠭᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ︽ᠰᠠᠭᠠᠳ ᠦᠭᠡᠢ ᠨᠡᠪᠲᠡᠷᠡᠬᠦ ᠵᠠᠮ︾᠎ ᠢᠶᠠᠷ ᠳᠡᠮᠵᠢᠨ ᠠᠰᠫᠢᠷᠠᠨᠲ᠂ ᠳᠡᠳ᠋ ᠳᠡᠭᠡᠳᠦ ᠲᠠᠰ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠴᠢᠳᠠᠪᠤᠷᠢᠲᠠᠨ ᠢ 13 ᠣᠷᠣᠭᠤᠯᠵᠠᠢ᠃ ᠭᠤᠷᠪᠠᠳᠤᠭᠠᠷ ᠪᠦᠯᠦᠭ ᠤᠨ ︽ᠬᠠᠰ ᠯᠤᠤ ᠶᠢᠨ ᠴᠢᠳᠠᠪᠤᠷᠢᠲᠠᠨ︾ ᠠᠵᠤ ᠦᠢᠯᠡᠰ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠪᠦᠯᠭᠦᠮ 1᠂ ᠴᠢᠳᠠᠪᠤᠷᠢᠲᠠᠨ ᠤ ᠲᠥᠷᠥᠯ ᠵᠦᠢᠯ ᠢᠶᠠᠷ ᠬᠥᠲᠥᠯᠥᠨ ᠵᠢᠯᠤᠭᠤᠳᠴᠤ ᠳᠡᠮᠵᠢᠬᠦ ᠲᠥᠯᠥᠪᠯᠡᠭᠡ 1᠎ ᠶᠢ ᠰᠣᠩᠭᠤᠵᠤ᠂ ᠡᠯ᠎ᠡ ᠲᠥᠷᠥᠯ ᠤᠨ ᠴᠢᠳᠠᠪᠤᠷᠢᠲᠠᠨ ᠤ ᠦᠨᠳᠦᠰᠦᠨ ᠱᠠᠲᠤ ᠲᠡᠶᠢᠰᠢ ᠰᠢᠯᠵᠢᠭᠦ ᠶᠢ ᠪᠦᠲᠦᠮᠵᠢᠲᠡᠶ ᠵᠣᠷᠢᠭᠵᠢᠭᠤᠯᠤᠨ ᠬᠥᠲᠥᠯᠥᠨ ᠵᠢᠯᠣᠭᠤᠳᠴᠠᠢ᠃ ᠪᠦᠭᠦ ᠬᠤᠰᠢᠭᠤᠨ ᠤ ᠭᠤᠣᠯ ᠠᠵᠢᠯ ᠪᠠ ᠶᠢᠰᠦᠨ ᠶᠡᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠲᠡᠵᠢᠭᠡᠨ ᠦᠷᠡᠵᠢᠭᠦᠯᠬᠦ ᠦᠢᠯᠡᠰ᠂ ᠬᠢᠲᠠᠳ ᠮᠣᠩᠭᠤᠯ ᠡᠮ ᠤᠨ ᠮᠠᠲ᠋ᠧᠷᠢᠶᠠᠯ ᠵᠡᠷᠭᠡ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ 10 ᠬᠤᠭᠤᠴᠠᠭ᠎ᠠ ᠡᠷᠭᠢᠯᠡᠵᠦ᠂ ᠳᠠᠷᠢᠵᠤ ᠲᠡᠵᠢᠭᠡᠬᠦ ᠦᠢᠯᠡᠰ ᠡᠷᠭᠢᠯᠡᠵᠦ ᠪᠠᠶᠢᠭ᠎ᠠ ᠲᠣᠮᠣ ᠡᠷᠦᠭᠡ ᠪᠠ ᠲᠣᠰᠬᠤᠨ ᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ 12 ᠬᠠᠮᠲᠤ ᠶᠢᠨ ᠴᠣᠭᠴᠠ ᠪᠠ 20 ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠳᠤ ᠲᠦᠰᠢᠭᠯᠡᠨ᠂ ᠲᠥᠬᠦᠭᠡᠷᠦᠮᠵᠢᠲᠦ ᠢᠳᠡᠰᠢᠨ ᠨᠣᠭᠤᠭ᠎ᠠ᠂ ᠠᠯᠠᠰᠢᠨ ᠦᠬᠡᠷ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠣᠯᠣᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠨᠡᠮᠡᠭᠳᠡᠭᠦᠯᠵᠦ᠂ ᠲᠠᠷᠢᠶᠠᠴᠢᠳ ᠤᠨ ᠬᠠᠮᠲᠤ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠪᠠ᠃ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠭᠡ︾ ᠵᠡᠷᠭᠡ ᠠᠷᠭ᠎ᠠ ᠭᠡᠯᠪᠡᠷᠢ ᠪᠠᠷ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ 160 ᠭᠠᠷᠤᠢ ᠲᠠᠷᠢᠶᠠᠴᠢᠨ ᠤ ᠲᠤᠰᠬᠠᠢ ᠬᠤᠷᠰᠢᠶ᠎ᠠ ᠶᠢ ᠳᠠᠭᠠᠭᠤᠯᠤᠨ ᠡᠷᠭᠢᠯᠡᠭᠦ ᠪᠠ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ ᠬᠤᠷᠰᠢᠶ᠎ᠠ ᠳᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ 1200 ᠭᠠᠷᠤᠢ ᠨᠠᠮ ᠤᠨ ᠭᠡᠰᠢᠭᠦᠨ ᠪᠠᠶᠠᠵᠢᠯ ᠤᠨ ᠳᠠᠭᠠᠭᠤᠯᠤᠭᠴᠢ ᠳᠣᠣᠷ᠎ᠠ ᠣᠷᠣᠯᠭ᠎ᠠ ᠲᠠᠢ 2 ᠲᠦᠮᠡ ᠭᠠᠷᠤᠢ ᠤᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠪᠡ᠃    
ᠢᠷᠡᠯᠲᠡ᠄ ᠤᠯᠠᠭᠠᠨᠬᠠᠳᠠ ᠮᠣᠩᠭᠤᠯ ᠰᠥᠯᠵᠢᠶ᠎ᠡ