| ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠲᠦᠷᠦᠭᠦᠬᠡᠨ | ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠤᠯᠪᠤᠭᠠᠯᠠᠨ ︽ | ᠣᠶ ᠰᠢᠭᠤᠢ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠰᠥᠯ ᠵᠡᠷᠭᠡ ᠣᠯᠠᠨ ᠲᠠᠯ᠎ᠠ ᠠᠴᠠ ᠥᠪᠥᠷ ᠮᠣᠩᠭᠤᠯ ᠤᠨ ᠣᠶ | ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠪᠡ᠃ | ︽ᠠᠷᠭ᠎ᠠ ᠬᠡᠮᠵᠢᠶ᠎ᠡ︾ ᠨᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ᠂ ᠤᠯᠤᠰ ᠤᠨ ᠴᠡᠴᠡᠷᠯᠢᠭ ᠢᠶᠠᠷ | ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠤᠢ ᠰᠢᠭᠤᠢ ᠨᠤᠲᠤᠭ | ᠪᠡᠯᠴᠢᠭᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠳᠤ ᠦᠶ᠎ᠡ ᠶᠢᠨ ᠤᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠢ | ᠶᠡᠭᠡ ᠪᠠᠷ ᠬᠥᠭᠵᠢᠭᠦᠯᠬᠦ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ | ᠴᠢᠩᠭᠠᠳᠬᠠᠬᠤ᠂ ᠬᠦᠴᠦᠨ ᠵᠦᠢᠯ ᠤᠨ ᠪᠠᠲᠤᠯᠠᠭ᠎ᠠ ᠲᠤᠯᠭᠠᠭᠤᠷᠢᠯᠠᠯ ᠢ ᠴᠢᠩᠭᠠᠳᠬᠠᠬᠤ 8 ᠲᠠᠯ᠎ᠠ ᠠᠴᠠ 24 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠤᠭᠰᠠᠨᠨ | ᠪᠥᠭᠡᠳ ᠤᠢ ᠰᠢᠭᠤᠢ ᠨᠤᠲᠤᠭ ᠪᠡᠯᠴᠢᠭᠡᠷ ᠤᠨ ᠬᠦᠷᠢᠶᠡᠨ ᠤ ᠡᠯ᠎ᠡ ᠲᠠᠯ᠎ᠠ ᠶᠢ ᠬᠠᠮᠤᠷᠴᠠᠢ᠃ ᠥᠪᠥᠷ ᠮᠣᠩᠭᠤᠯ ᠤᠨ 103 ᠬᠤᠰᠢᠭᠤ ᠰᠢᠶᠠᠨ ︵ᠬᠤᠲᠠ᠂ ᠲᠣᠭᠤᠷᠢᠭ︶ | ᠢ ᠪᠦᠬᠦᠨ ᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ᠶᠢᠨ ᠬᠡᠪᠴᠢᠶᠡᠨ ᠳᠤ | ᠣᠷᠣᠭᠤᠯᠬᠤ ᠶᠢᠨ ᠬᠠᠮᠲᠤ᠂ ᠮᠠᠨ ᠤ ᠣᠷᠣᠨ ᠤ ᠨᠢᠭᠡ ᠪᠦᠯᠦᠭ ᠡᠯᠡᠰᠦ ᠶᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠤᠨ ᠴᠢᠬᠤᠯᠠ ᠶᠡᠭᠡ ᠲᠥᠰᠥᠯ ᠢ | ᠬᠡᠷᠡᠭᠵᠢᠭᠦᠯᠬᠦ ᠶᠢ ᠳᠡᠮᠵᠢᠵᠦ᠂ ᠮᠠᠨ ᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ | ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠣᠯᠬᠤ ᠳᠤ ᠬᠦᠴᠦᠨ ᠨᠡᠮᠡᠷᠢᠯᠡᠬᠦ ᠬᠡᠷᠡᠭᠲᠡᠢ | ᠭᠡᠵᠦ ᠲᠣᠳᠣᠷᠬᠠᠢ ᠳᠤᠷᠠᠳᠪᠠ᠃ ︽ᠳᠠᠪᠬᠤᠷ︾ ᠢᠨᠵᠧᠨᠧᠷᠢᠩ ᠢ ᠬᠠᠮᠵᠢᠯᠴᠠᠨ ᠠᠬᠢᠭᠤᠯᠵᠤ᠂ ᠪᠠᠶᠠᠨᠨᠠᠭᠤᠷ᠂ ᠣᠷᠳᠣᠰ᠂ ᠠᠯᠠᠱᠠ ᠵᠡᠷᠭᠡ ᠭᠠᠵᠠᠷ ᠲᠤ ᠨᠢᠭᠡ ᠪᠦᠯᠦᠭ | ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ︽ᠭᠡᠷᠡᠯ ᠴᠡᠨᠡᠭ +︾ ᠵᠠᠭᠪᠤᠷ ᠢ ᠳᠡᠯᠭᠡᠷᠡᠭᠦᠯᠬᠦ ᠬᠡᠷᠡᠭᠲᠡᠢ ᠭᠡᠵᠦ ᠳᠤᠷᠠᠳᠪᠠ᠃ | ᠤᠯᠠᠭᠠᠨᠰᠤᠬᠠᠢ᠂ ᠳᠠᠭ᠎ᠠ ᠶᠢᠨ ᠨᠠᠭᠤᠷ᠂ ᠬᠥᠯᠥᠨ ᠨᠠᠭᠤᠷ ᠵᠢᠴᠢ ᠴᠠᠭᠠᠨᠨᠠᠭᠤᠷ ᠵᠡᠷᠭᠡ ᠭᠤᠣᠯᠳᠠᠯᠭ᠎ᠠ ᠲᠠᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ᠂ ᠠᠯᠠᠱᠠ ᠠᠭᠤᠯᠠ᠂ | ᠳᠠᠯᠠᠨ ᠬᠠᠷ᠎ᠠ ᠠᠭᠤᠯᠠ ᠵᠡᠷᠭᠡ ᠤᠯᠤᠰ ᠤᠨ ᠴᠡᠴᠡᠷᠯᠢᠭ ᠢ ᠪᠠᠶᠢᠭᠤᠯᠬᠤ᠂ ᠤᠯᠤᠰ ᠤᠨ ᠣᠶ ᠰᠢᠭᠤᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ᠂ ᠤᠯᠤᠰ ᠤᠨ ᠣᠶ ᠰᠢᠭᠤᠢ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠤᠯᠤᠰ ᠤᠨ ᠣᠶ ᠰᠢᠭᠤᠢ ᠶᠢᠨ ᠬᠤᠷᠮᠣᠢ ᠶᠢᠨ ᠠᠵᠤ ᠠᠬᠤᠢ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠬᠦ ᠬᠡᠷᠡᠭᠲᠡᠢ᠃ ᠪᠠᠰᠠ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠰᠤᠳᠤᠯᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠨᠤᠭᠤᠳ ᠢ ᠤᠷᠢᠵᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠲᠣᠮᠢᠯᠠᠨ ᠬᠡᠰᠡᠭ ᠳᠠᠭᠠᠭᠠᠴᠢᠯᠠᠨ᠂ ᠴᠡᠭ ᠳᠠᠭᠠᠭᠠᠴᠢᠯᠠᠨ | ᠠᠵᠢᠯᠯᠠᠬᠤ ᠵᠢᠯᠣᠭᠤᠳᠤᠯᠭ᠎ᠠ ᠥᠷᠨᠢᠭᠦᠯᠵᠦ᠂ ᠦᠨᠳᠦᠰᠦᠨ ᠱᠠᠲᠤᠨ ᠤ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ | ᠳᠤᠷᠠᠳᠪᠠ᠃ | ︽︿ᠠᠷᠭ᠎ᠠ ᠬᠡᠮᠵᠢᠶ᠎ᠡ﹀ ᠨᠢ ᠨᠢᠭᠡ ᠪᠦᠯᠦᠭ ᠲᠥᠰᠥᠯ ᠢ ᠦᠨᠡᠨ ᠬᠦ ᠳᠡᠮᠵᠢᠵᠦ᠂ ᠨᠢᠭᠡ ᠪᠦᠯᠦᠭ ᠲᠦᠷᠦ ᠶᠢᠨ ᠪᠣᠳᠣᠯᠭ᠎ᠠ ᠣᠯᠭᠤᠬᠤ ᠶᠢᠨ ᠬᠠᠮᠲᠤ ᠮᠠᠨ ᠤ | ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨᠡᠴᠢᠯᠡᠯᠲᠡ ᠵᠡᠷᠭᠡ ᠠᠵᠢᠯ ᠤᠨ ᠳᠤᠮᠳᠠᠬᠢ ᠬᠢᠵᠠᠭᠠᠷᠯᠠᠯ ᠤᠳ ᠢ ᠴᠢᠩᠭ᠎ᠠ ᠠᠩᠬᠠᠷᠴᠤ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠨ᠂ | ᠮᠠᠨ ᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠢᠷᠳᠡᠯ᠂ ᠲᠦᠭᠵᠢᠷᠡᠯ᠂ ᠪᠡᠷᠬᠡᠰᠢᠶᠡᠯ ᠢ ᠬᠦᠴᠦᠯᠡᠨ | ᠰᠢᠢᠳᠪᠦᠷᠢᠯᠡᠪᠡ᠃ ᠳᠠᠷᠠᠭᠠᠴᠢ ᠪᠠᠷ᠂ ᠪᠢᠳᠡ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠤᠷᠪᠤᠰ ᠳᠠᠷᠠᠭᠠᠯᠠᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢᠭᠡ ᠪᠦᠷᠢ ᠶᠢ ᠮᠠᠨ ᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ︾ ᠭᠡᠵᠦ ᠥᠪᠡᠷᠲᠡᠭᠡᠨ ᠵᠠᠰᠠᠬᠤ | ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠮᠠ | ᠴᠢᠶᠠᠩ ᠬᠡᠯᠡᠪᠡ᠃ | | |