ᠮᠠᠨ ᠤ ᠣᠷᠣᠨ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠬᠦᠷᠢᠶᠡᠨ ᠳᠠᠬᠢ 14 ᠵᠦᠢᠯ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/1/8
      1 ᠳ᠋ᠦ᠋ᠭᠡᠷ ᠰᠠᠷ᠎ᠠ ᠶᠢᠨ 4 ᠤ ᠡᠳᠦᠷ᠂ ᠮᠠᠨ ᠤ ᠣᠷᠣᠨ ᠪᠥᠬᠦ ᠤᠯᠤᠰ ᠲᠤ ᠬᠠᠨᠳᠤᠭᠤᠯᠤᠨ 14 ᠵᠦᠢᠯ ᠤᠨ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠬᠦᠷᠢᠶᠡᠨ ᠳᠠᠬᠢ 2024 ᠣᠨ ᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃      14 ᠵᠦᠢᠯ ᠤᠨ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ ︽ᠪᠦᠲᠦᠮᠵᠢ ᠢᠶᠠᠷ ᠥᠨᠳᠥᠷ᠂ ᠲᠣᠭᠲᠠᠭᠤᠨ ᠴᠢᠨᠠᠷ ᠢᠶᠠᠷ ᠥᠨᠳᠥᠷ ᠬᠠᠭᠤᠷᠠᠢ ᠳᠡᠭᠡᠷᠡᠬᠢ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠦᠯᠲᠡ︾ ︽ᠳᠠᠬᠢᠨ ᠡᠭᠦᠰᠬᠦᠶᠢᠴᠡ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠰᠢᠪᠲᠦᠷ ᠦᠢᠯᠡᠳᠬᠦ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ︾ ︽ᠰᠤᠪᠤᠷᠭᠠᠨ ᠬᠡᠯᠪᠡᠷᠢᠲᠦ ᠥᠨᠳᠥᠷ ᠳᠤᠯᠠᠭᠠᠨᠲᠤ ᠬᠠᠶᠢᠯᠤᠮᠠᠯ ᠳᠠᠪᠤᠰᠤᠨ ᠤ ᠢᠯᠴᠢ ᠰᠢᠩᠭᠡᠭᠡᠭᠴᠢ ᠶᠢᠨ ᠥᠨᠳᠥᠷ ᠰᠢᠩᠭᠡᠭᠡᠬᠦ ᠨᠣᠷᠮ᠎ᠠ ᠶᠢᠨ ᠲᠦᠷᠬᠢᠮᠡᠯ ᠳᠠᠪᠬᠤᠷᠭ᠎ᠠ ᠶᠢᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ︾ ᠵᠡᠷᠭᠡ ᠶᠢ ᠪᠠᠭᠲᠠᠭᠠᠨ᠎ᠠ᠃ ᠲᠡᠳᠡᠭᠡᠷ ᠨᠢ ᠭᠤᠣᠯᠳᠠᠭᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ᠂ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠡᠷᠭᠡ ᠬᠦᠷᠢᠶᠡᠨ ᠳᠠᠬᠢ ᠴᠢᠬᠤᠯᠠ ᠶᠡᠭᠡ ᠰᠢᠨᠡᠴᠢᠯᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠥᠰᠥᠯ ᠢ ᠬᠡᠷᠡᠭᠵᠢᠭᠦᠯᠬᠦ ᠦᠶᠡᠯᠡᠯ ᠨᠢ ᠴᠥᠮ 3 ᠵᠢᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠥᠰᠥᠪ ᠤᠨ ᠶᠡᠷᠦᠩᠬᠡᠢ ᠣᠷᠣᠭᠤᠯᠤᠯᠲᠠ 8300 ᠲᠦᠮᠡᠨ ᠲᠥᠭᠦᠷᠢᠭ ᠪᠠᠶᠢᠵᠤ᠂ ᠣᠷᠣᠨ ᠨᠤᠲᠤᠭ ᠪᠣᠯᠣᠨ ᠠᠵᠤ ᠠᠬᠤᠶᠢᠯᠠᠯ ᠤᠨ ᠢᠵᠢ ᠪᠦᠷᠢᠳᠦᠭᠦᠯᠦᠭᠰᠡᠨ ᠣᠷᠣᠭᠤᠯᠤᠯᠲᠠ ᠶᠢ ᠵᠢᠱᠢᠯᠲᠡ ᠪᠠᠷ 1.6 ᠳ᠋ᠦᠩᠰᠢᠭᠤᠷ ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃      ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠥᠯᠥᠭᠡ ︽ᠲᠠᠪᠤᠨ ᠶᠡᠭᠡ ᠡᠭᠦᠷᠭᠡ︾ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ︾ ᠢᠨᠵᠧᠨᠧᠷᠢᠩ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠪᠦᠯᠦᠭ ᠪᠣᠯᠪᠠᠰᠤᠷᠠᠩᠭᠤᠢ ᠪᠣᠯᠪᠠᠯ᠂ ᠨᠢᠭᠡ ᠪᠦᠯᠦᠭ ᠢ ᠡᠬᠢᠯᠡᠭᠦᠯᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 2024 ᠣᠨ ᠤ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠢ ᠰᠢᠨᠡᠴᠢᠯᠡᠭᠰᠡᠨ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠨ ᠤ ᠣᠷᠣᠨ ᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠣᠯᠪᠠᠰᠤᠷᠠᠩᠭᠤᠢ ᠮᠡᠷᠭᠡᠵᠢᠯ ᠪᠠ ᠰᠢᠰᠲ᠋ᠧᠮᠲᠦ ᠲᠥᠰᠥᠯ ᠬᠠᠩᠭᠠᠪᠠ᠃ ᠲᠤᠰ ᠤᠳᠠᠭᠠᠨ ᠤ ︽ᠵᠠᠷᠯᠠᠨ ᠬᠦᠯᠢᠶᠡᠵᠦ ᠬᠤᠰᠢᠭᠤᠷᠠᠨ ᠠᠵᠢᠯᠯᠠᠬᠤ︾ ᠲᠥᠰᠥᠯ ᠨᠢ ᠲᠥᠰᠥᠯ ᠢᠶᠠᠷ ᠬᠥᠲᠥᠯᠥᠮᠵᠢ ᠪᠣᠯᠭᠠᠬᠤ ᠶᠢ ᠦᠷᠭᠦᠯᠵᠢᠯᠡᠨ ᠰᠦᠪᠡᠭᠴᠢᠯᠡᠵᠦ᠂ ᠣᠷᠣᠨ ᠤ ᠳᠣᠲᠣᠨ᠎ᠠ ᠭᠠᠳᠠᠨᠠᠬᠢ ᠳᠠᠪᠠᠭᠤᠯᠢᠭ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠪᠠ ᠡᠬᠢ ᠪᠠᠶᠠᠯᠢᠭ ᠤᠳ ᠢ ᠡᠮᠬᠢᠯᠡᠨ ᠨᠡᠶᠢᠯᠡᠭᠦᠯᠵᠦ᠂ ᠣᠷᠣᠨ ᠤ ᠳᠣᠲᠣᠷᠠᠬᠢ ᠠᠵᠤ ᠠᠬᠤᠶᠢᠯᠠᠯ ᠪᠠ ᠨᠢᠭᠡᠴᠢ ᠪᠠᠷ ᠲᠦᠷᠦᠭᠦᠯᠡᠭᠦᠯᠦᠨ᠂ ᠰᠢᠨᠡᠴᠢᠯᠡᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ ᠪᠠᠶᠢᠭᠠᠳ ᠰᠢᠪᠲᠤᠯᠤᠯᠲᠠ ᠶᠢ ᠬᠠᠮᠵᠢᠯᠴᠠᠨ ᠥᠷᠨᠢᠭᠦᠯᠵᠦ᠂ ᠲᠡᠷᠢᠭᠦᠨ ᠤ ᠰᠢᠨᠵᠢᠯᠡᠬᠦ ᠤᠬᠠᠭᠠᠨᠲᠠᠨ ᠬᠠᠷᠢᠭᠤᠴᠠᠬᠤ ᠳᠦᠷᠢᠮ ᠢ ᠬᠡᠷᠡᠭᠯᠡᠨ᠂ ᠲᠥᠰᠥᠯ ᠤᠨ ᠪᠦᠯᠬᠦᠮ ᠳᠤ ᠨᠠᠩ ᠶᠡᠭᠡ ᠡᠵᠡᠨ ᠮᠡᠳᠡᠬᠦ ᠡᠷᠬᠡ ᠣᠯᠭᠤᠵᠤ᠂ ᠲᠥᠰᠥᠯ ᠤᠨ ᠪᠦᠯᠬᠦᠮ ᠢ ᠬᠥᠲᠥᠯᠥᠨ ᠵᠢᠯᠤᠭᠤᠳᠴᠤ ᠪᠠᠶᠢᠭᠠᠳ ᠤᠷᠮᠠᠰᠢᠭᠤᠯᠬᠤ᠂ ᠡᠷᠬᠡ ᠶᠢ ᠪᠠᠭᠤᠯᠭᠠᠬᠤ᠂ ᠠᠭᠤᠴᠢᠯᠠᠬᠤ᠂ ᠪᠤᠰᠤᠳᠴᠢ᠂ ᠥᠨᠳᠥᠷ ᠪᠦᠲᠦᠮᠵᠢᠲᠡᠶ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ