15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ ᠬᠤᠲᠠ ᠶᠢᠨ ᠳ᠋ᠦᠩ ᠱᠠᠨ ᠰᠢᠶᠠᠨ ᠤ ᠴᠧᠨ ᠴᠧᠩ | ᠪᠠᠯᠭᠠᠰᠤᠨ ᠤ ᠤᠤ ᠵᠢᠶᠣᠣ ᠲᠣᠰᠬᠤᠨ ᠳᠤ ᠬᠦᠷᠴᠦ ᠰᠢᠨᠵᠢᠯᠡᠨ ᠪᠠᠶᠢᠴᠠᠭᠠᠵᠤ᠂ ᠲᠣᠰᠬᠤᠨ ᠤ ᠭᠠᠷᠠᠮ ᠳᠤ ᠳᠠᠯᠠᠢ ᠶᠢᠨ ᠢᠳᠡᠭᠡᠨ ᠤ ᠬᠠᠲᠠᠭᠠᠮᠠᠯ ᠪᠣᠯᠤᠨ ᠵᠢᠭᠠᠰᠤᠨ ᠤ | ᠭᠠᠷᠤᠯᠲᠠ ᠶᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠪᠠᠶᠢᠳᠠᠯ ᠢ | ᠣᠶᠢᠯᠠᠭᠠᠪᠠ᠃ 2001 ᠣᠨ ᠳᠤ᠂ ᠹᠦᠵᠢᠶᠠᠨ ᠮᠤᠵᠢ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠤ ᠪᠠᠨ ᠲᠡᠷᠡ ᠠᠳᠡ ᠢᠷᠡᠵᠦ ᠥᠩᠭᠡᠷᠡᠭᠰᠡᠨ ᠶᠤᠮ᠃ 23 | ᠵᠢᠯ ᠤᠨ ᠳᠠᠷᠠᠭ᠎ᠠ᠂ ᠬᠥᠳᠡᠭᠡ ᠲᠣᠰᠬᠤᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ᠂ ᠰᠢ ᠶᠢᠨ ᠫᠢᠩ ᠶᠡᠬᠡᠳᠡ ᠪᠠᠶᠠᠷᠯᠠᠪᠠ᠃ ᠲᠡᠷᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠠᠪᠠᠭᠤᠯᠢᠭ ᠢᠶᠠᠨ ᠪᠠᠳᠠᠷᠠᠭᠤᠯᠵᠤ᠂ ︽ᠳᠠᠯᠠᠢ︾ ᠳᠤ ᠲᠦᠰᠢᠭᠯᠡᠬᠦ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠰᠢᠨ᠎ᠡ ᠴᠠᠭ ᠦᠶ᠎ᠡ ᠰᠢᠨ᠎ᠡ ᠠᠶᠠᠨ ᠳᠤ᠂ ᠬᠥᠳᠡᠭᠡ ᠲᠣᠰᠬᠤᠨ ᠯᠠᠪᠲᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ | ᠠᠮᠢᠳᠤᠷᠠᠬᠤ ᠪᠣᠯᠤᠨ᠎ᠠ᠃ ᠲᠠ ᠨᠠᠷ ᠤᠨ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠵᠥᠩᠨᠡᠶ᠎ᠡ ᠭᠡᠵᠦ ᠰᠡᠳᠬᠢᠯ ᠳᠣᠭᠳᠣᠯᠤᠨ ᠬᠡᠯᠡᠪᠡ᠃ | | ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠨᠢᠭᠡ ᠭᠠᠵᠠᠷ ᠲᠤ ︽ᠨᠣᠶᠠᠨ︾ ᠰᠠᠭᠤᠪᠠᠯ᠂ ᠨᠢᠭᠡ ᠭᠠᠵᠠᠷ ᠤᠨ | ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ | 15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ ᠬᠤᠲᠠ ᠶᠢᠨ ᠳ᠋ᠦᠩ ᠱᠠᠨ ᠰᠢᠶᠠᠨ ᠤ ᠬᠥ᠋ ᠸᠧᠨ | ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠬᠥ᠋ ᠸᠧᠨ ᠴᠠᠩ ᠨᠥᠬᠦᠷ ᠤᠨ ᠰᠡᠳᠬᠢᠯ ᠳᠣᠭᠳᠣᠯᠤᠭᠤᠯᠤᠮ᠎ᠠ ᠦᠢᠯᠡ ᠬᠡᠷᠡᠭ ᠤᠳ ᠢ ᠣᠶᠢᠯᠠᠭᠠᠵᠤ᠂ ᠬᠥ᠋ ᠸᠧᠨ | ᠴᠠᠩ ᠨᠡᠷᠡᠮᠵᠢᠲᠦ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠦ᠋ | ᠸᠧᠨ ᠴᠠᠩ ᠨᠥᠬᠦᠷ ᠹᠦᠵᠢᠶᠠᠨ ᠳᠤ ᠠᠯᠳᠠᠷ ᠴᠤᠤ ᠲᠠᠢ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠪᠠᠶᠢᠨ᠎ᠠ᠂ ᠲᠡᠷᠡ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠦᠭ ᠲᠦᠮᠡᠨ ᠰᠢᠯᠢᠳᠡᠭ ᠤᠳᠤᠷᠢᠳᠬᠤ ᠺᠠᠳ᠋ᠷ ᠤᠨ ᠨᠢᠭᠡᠨ ᠲᠥᠯᠥᠭᠡᠯᠡᠭᠴᠢ ᠪᠣᠯᠤᠨ᠎ᠠ᠃ ᠪᠢᠳᠡ ᠲᠡᠭᠦᠨ ᠤ ᠦᠢᠯᠡ ᠠᠵᠢᠯᠯᠠᠭ᠎ᠠ ᠠᠴᠠ | ᠰᠣᠷᠣᠯᠴᠠᠬᠤ ᠳᠤ ᠪᠠᠨ᠂ ᠥᠨᠳᠥᠷ ᠥᠭᠡᠳᠡ ᠮᠡᠷᠡᠶᠢᠬᠦ ᠢᠶᠠᠷ ᠪᠠᠷᠠᠬᠤ ᠦᠭᠡᠢ᠂ ᠪᠠᠰᠠ ᠮᠡᠷᠭᠡᠳ ᠢ ᠲᠠᠭᠠᠨ ᠰᠤᠷᠴᠤ᠂ ᠲᠡᠭᠦᠨ ᠲᠠᠢ ᠠᠳᠠᠯᠢ ᠪᠠᠷ ᠬᠥᠮᠦᠨ ᠪᠤᠯᠵᠤ᠂ | ᠵᠠᠰᠠᠭ ᠪᠠᠷᠢᠵᠤ᠂ ︽ᠨᠢᠭᠡ ᠭᠠᠵᠠᠷ ᠲᠤ ︿ᠨᠣᠶᠠᠨ﹀ ᠰᠠᠭᠤᠪᠠᠯ᠂ ᠨᠢᠭᠡ ᠭᠠᠵᠠᠷ ᠤᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ︾᠂ ᠭᠠᠭᠴᠠ ᠡᠨᠡ ᠵᠠᠮ ᠢᠶᠠᠷ | ᠵᠠᠮᠨᠠᠬᠤ ᠨᠢ ᠰᠠᠶ᠋ᠢ ᠬᠥᠮᠦᠨ ᠤ ᠶᠢᠷᠲᠢᠨᠴᠦ ᠶᠢᠨ ᠲᠥᠪ ᠶᠣᠰᠣ ᠶᠤᠮ ᠭᠡᠵᠡᠢ᠃ | |