| 10 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠤᠬᠠᠶ ᠬᠤᠩᠱᠠᠨ | ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠮᠧᠩ ᠰᠢᠶᠤᠤ ᠪᠢᠩ᠂ ᠵᠣᠣ ᡁᠢ ᠭᠠᠩ᠂ ᠵᠠᠩ | ᠭᠦᠸᠧ ᠬᠤᠸᠠ ᠲᠣᠰ ᠲᠣᠰ ᠠᠵᠢᠯᠯᠠᠭ᠎ᠠ ᠳᠤ ᠣᠷᠣᠯᠴᠠᠪᠠ᠃ | ᠲᠠᠩ ᠢ ᠨᠡᠷ ᠤᠷᠢᠳ ᠬᠤᠵᠢᠳ ᠶᠧ ᡂᠢ · ᠰᠢ ᠶᠤᠸᠠᠢ ᠾᠧ ᠭᠦ᠋ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ᠂ ᠶᠤᠸᠠᠨ ᠯᠢᠶᠠᠨ ᠪᠣᠯᠣᠳ | ᠲᠡᠮᠦᠷ ᠤᠨ 1150 ᠬᠦᠢᠲᠡᠨ ᠢᠶᠠᠷ ᠬᠡᠪᠰᠢᠭᠦᠯᠦᠭᠰᠡᠨ ᠴᠠᠶᠢᠷ ᠬᠥᠩᠭᠡᠨᠴᠠᠭᠠᠨ ᠮᠠᠭᠨᠢ ᠴᠠᠬᠢᠭᠤᠷ ᠤᠨ ᠪᠣᠯᠣᠳ ᠲᠡᠮᠦᠷ ᠤᠨ ᠪᠤᠳᠤᠭᠲᠤ ᠬᠠᠪᠲᠠᠰᠤ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠲᠢᠶᠠᠨ ᠴᠢ ᠮᠣᠩᠭᠤᠯ ᠡᠮ᠂ ᠳ᠋ᠦᠩ ᠷᠦᠩ ᠪᠦᠯᠦᠭᠯᠡᠯ᠂ ᠧᠨ ᠸᠧ ᠡᠯᠧᠺᠲᠷᠣᠨ | ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠵᠢᠴᠢ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠤᠨ ᠬᠤᠩᠱᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ ᠬᠦᠷᠴᠦ᠂ ᠢᠨᠵᠧᠨᠧᠷᠢᠩ ᠤᠨ ᠠᠬᠢᠴᠠ ᠪᠣᠯᠤᠨ ᠬᠦᠷᠢᠶᠡᠯᠡᠩ ᠲᠣᠭᠤᠷᠢᠭ ᠤᠨ | ᠲᠥᠯᠥᠪᠵᠢᠭᠦᠯᠭᠡ ᠪᠠᠶᠢᠷᠢᠯᠠᠭᠤᠯᠤᠯᠲᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠪᠠ ᠦᠢᠯᠡᠳᠪᠦᠷᠢᠯᠡᠯ ᠡᠵᠡᠩᠨᠡᠯᠲᠡ | ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠤᠩᠱᠠᠨ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠪᠦᠬᠦ ᠬᠤᠳᠠ ᠶᠢᠨ ᠠᠵᠤ | ᠠᠬᠤᠢ ᠶᠢᠨ ᠬᠥᠭᠵᠢᠯᠲᠡ ᠶᠢᠨ ᠲᠠᠭᠠᠭᠤᠯᠤᠬᠴᠢ ᠪᠣᠯᠤᠨ᠎ᠠ᠂ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠠᠯ᠎ᠠ ᠪᠠᠷ ᠬᠤᠰᠢᠭᠤᠴᠢ ᠪᠤᠯᠵᠤ᠂ ᠦᠯᠢᠭᠡᠷ ᠳᠠᠭᠤᠷᠢᠶᠠᠯ ᠪᠤᠯᠵᠤ᠂ ᠶᠡᠭᠡ | ᠬᠠᠷᠢᠭᠤᠴᠠᠯᠭ᠎ᠠ ᠡᠭᠦᠷᠭᠡᠯᠡᠵᠦ᠂ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠠᠷᠢᠯᠭ᠎ᠠ ᠪᠠᠷᠢᠬᠤ ᠬᠤᠭᠤᠴᠠᠭ᠎ᠠ ᠶᠢ ᠠᠮᠵᠢᠨ ᠡᠪᠦᠯ ᠤᠨ ᠤᠯᠠᠷᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠨᠠᠩ ᠣᠯᠠᠨ | ᠪᠣᠳᠠᠲᠤ ᠠᠵᠢᠯ ᠤᠨ ᠬᠡᠮᠵᠢᠶ᠎ᠡ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠦᠢᠯᠡᠳᠬᠦᠨ ᠢ ᠰᠤᠳᠤᠯᠤᠨ ᠨᠡᠭᠡᠭᠡᠬᠦ ᠠᠵᠢᠯ ᠢ ᠰᠠᠶᠢᠲᠤᠷ ᠬᠢᠵᠦ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ | ᠦᠭᠡᠢ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠃ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠲᠠᠢ ᠨᠢᠭᠲᠠ | ᠤᠶᠠᠯᠳᠤᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠳᠤ ᠬᠦᠴᠦᠯᠡᠵᠦ᠂ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ ᠬᠦᠴᠦᠯᠡᠨ ᠣᠷᠣᠭᠤᠯᠤᠨ ᠠᠪᠴᠢᠷᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ | ᠬᠡᠷᠡᠭᠲᠡᠶ᠃ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠶᠡᠷᠦᠩᠬᠡᠶᠢᠯᠡᠨ ᠬᠥᠮᠥᠷᠭᠡᠯᠡᠨ ᠬᠠᠳᠠᠭᠠᠯᠠᠬᠤ᠂ ᠲᠤᠰᠬᠠᠶ | ᠵᠠᠬ᠎ᠠ ᠳᠡᠯᠭᠡᠭᠦᠷ᠂ ᠲᠦᠷᠭᠡᠨ ᠬᠦᠷᠭᠡᠯᠲᠡ ᠶᠢᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ | ᠳᠤᠮᠳᠠᠳᠤ ᠧᠦ᠋ᠷᠣᠫᠠ ᠶᠢᠨ ᠳᠤᠮᠳᠠᠳᠤ ᠠᠽᠢᠶ᠎ᠠ ᠶᠢᠨ ᠡᠭᠡᠯᠵᠢ ᠶᠢᠨ ᠭᠠᠯᠲᠤ ᠲᠡᠷᠭᠡᠨ ᠤ ᠠᠵᠢᠯᠯᠠᠭᠠᠨ ᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠳᠤ | ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠬᠤᠳᠠᠯᠳᠤᠭᠠᠨ ᠤ | ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠤᠨᠴᠠᠯᠢᠬᠳᠤ ᠲᠦᠷᠦᠯ ᠲᠡᠮᠳᠡᠭ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠤᠬᠠᠭᠤᠯᠤᠨ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠤᠯᠠᠭᠠᠨᠬᠠᠳᠠ ᠶᠢᠨ ᠰᠠᠶᠢᠨ ᠦᠢᠯᠡᠳᠬᠦᠨ ᠢ ᠭᠠᠳᠠᠭᠰᠢ ᠭᠠᠷᠭᠠᠵᠤ᠂ ᠨᠡᠩ ᠰᠠᠶᠢᠨ ᠪᠣᠷᠤᠯᠠᠭᠤᠯᠬᠤ ᠬᠡᠷᠡᠭᠲᠡᠢ᠃ ᠬᠦᠷᠢᠶᠡᠯᠡᠩ | ᠲᠣᠭᠤᠷᠢᠭ ᠤᠨ ᠲᠥᠯᠥᠪᠵᠢᠭᠦᠯᠭᠡ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠴᠢᠬᠤᠯᠠ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠶ᠃ ᠬᠤᠲᠠ ᠲᠣᠭᠤᠷᠢᠭ ᠬᠤᠶᠠᠷ ᠱᠠᠲᠤᠨ ᠤ ᠬᠢᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠵᠤ᠂ ᠦᠢᠯᠡᠴᠢᠯᠡᠭᠡᠨ ᠤ ᠪᠠᠲᠤᠯᠠᠭ᠎ᠠ ᠶᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ | ᠬᠥᠭᠵᠢᠯᠲᠡ ᠳᠤ ᠨᠠᠩ ᠣᠯᠠᠨ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | |