| 10 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠭᠤᠤᠯ ᠬᠤᠲᠠ ᠲᠣᠭᠤᠷᠢᠭ ᠤᠨ ︽ᠳᠤᠯᠠᠭᠠᠯᠠᠯᠭ᠎ᠠ ᠶᠢᠨ | ᠢᠨᠵᠧᠨᠧᠷᠢᠩ︾ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠮᠧᠩ ᠰᠢᠶᠤᠤ ᠪᠢᠩ ᠬᠠᠮᠲᠤ ᠪᠠᠷ ᠪᠠᠶᠢᠴᠠᠭᠠᠨ | ᠰᠤᠳᠤᠯᠤᠯᠲᠠ ᠬᠢᠪᠡ᠃ | ᠲᠠᠩ ᠢ ᠤᠷᠢᠳ ᠬᠤᠵᠢᠳ ᠬᠤᠩᠱᠠᠨ ᠲᠣᠭᠤᠷᠢᠭ ᠪᠣᠯᠤᠨ ᠰᠦᠩᠱᠠᠨ ᠲᠣᠭᠤᠷᠢᠭ ᠤᠨ ᠬᠡᠰᠡᠭ ᠢᠯᠴᠢ ᠬᠠᠩᠭᠠᠬᠤ᠂ ᠤᠰᠤ ᠬᠠᠩᠭᠠᠬᠤ ᠠᠵᠤ ᠠᠬᠤᠶᠢᠯᠠᠯ ᠳᠤ | ᠬᠦᠷᠴᠦ᠂ ︽ᠳᠤᠯᠠᠭᠠᠯᠠᠯᠭ᠎ᠠ ᠶᠢᠨ ᠢᠨᠵᠧᠨᠧᠷᠢᠩ︾ ᠤᠨ ᠬᠡᠷᠡᠭᠵᠢᠭᠦᠯᠦᠯᠲᠡ᠂ ᠢᠯᠴᠢ ᠶᠢᠨ ᠬᠦᠴᠦᠨ ᠪᠣᠯᠤᠨ ᠲᠦᠭᠡᠭᠡᠯ ᠤᠰᠤᠨ ᠤ ᠬᠤᠭᠤᠯᠠᠢ ᠶᠢᠨ ᠲᠣᠣᠷ ᠤᠨ | ᠲᠠᠷᠬᠠᠯᠲᠠ᠂ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠵᠡᠷᠭᠡ ᠪᠠᠶᠢᠳᠠᠯ ᠢ ᠣᠶᠢᠯᠠᠭᠠᠪᠠ | ᠃ ᠲᠡᠷᠡ᠂ ᠤᠰᠤ ᠴᠠᠬᠢᠯᠭᠠᠨ ᠳᠤᠯᠠᠭᠠᠯᠠᠭ᠎ᠠ ᠪᠣᠯ ᠬᠤᠲᠠ ᠶᠢᠨ ᠴᠢᠳᠠᠮᠵᠢ ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ ᠦᠨᠳᠦᠰᠦᠨ ᠠᠷᠠᠳ ᠤᠨ ᠠᠮᠢᠳᠤᠷᠠᠯ | ᠮᠥᠨ᠂ ᠥᠷᠭᠡᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠬᠤᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠬᠤᠯᠪᠣᠭᠳᠠᠵᠤ | ᠪᠠᠶᠢᠳᠠᠭ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠠᠷᠠᠳ ᠤᠨ ᠠᠮᠢᠳᠤᠷᠠᠯ ᠢ ᠲᠠᠷᠢᠭᠦᠨ ᠳᠤ ᠲᠠᠯᠪᠢᠵᠤ᠂ ᠠᠷᠠᠳ ᠤᠨ ᠠᠮᠢᠳᠤᠷᠠᠯ ᠢᠶᠠᠷ | ᠭᠤᠣᠯᠳᠠᠯᠭ᠎ᠠ ᠪᠣᠯᠭᠠᠬᠤ︾ ᠶᠢ ᠢᠮᠠᠭᠲᠠ ᠪᠠᠲᠤ ᠴᠡᠭᠡᠵᠢᠯᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ | ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠨᠠᠷᠢᠨ ᠨᠢᠮᠪᠠᠢ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠢᠯᠴᠢ ᠶᠢᠨ ᠢᠷᠡᠯᠲᠡ ᠶᠢᠨ ᠪᠠᠲᠤᠯᠠᠭ᠎ᠠ᠂ | ᠬᠤᠭᠤᠯᠠᠢ ᠶᠢᠨ ᠲᠣᠣᠷ ᠤᠨ ᠠᠵᠢᠯᠯᠠᠭᠠᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠴᠠᠲᠠᠢ ᠪᠠᠷ | ᠲᠤᠬᠢᠷᠠᠭᠤᠯᠤᠨ ᠡᠵᠡᠮᠳᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠲᠦᠢᠯ ᠤᠨ ᠣᠨᠴᠠᠭᠠᠢ ᠴᠠᠭ ᠠᠭᠤᠷ ᠢ ᠤᠷᠢᠳᠴᠢᠯᠠᠨ | ᠰᠡᠷᠭᠡᠶᠢᠯᠡᠨ ᠠᠷᠭᠠᠴᠠᠵᠤ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠣᠳᠣᠬᠠᠨ ᠤ ᠪᠠᠴᠢᠮ | ᠡᠭᠦᠷᠭᠡ ᠪᠣᠯ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠦᠬᠦ ᠬᠤᠲᠠ ᠶᠢᠨ ᠣᠯᠠᠨ ᠲᠦᠮᠡᠨ ᠳᠤ | ᠦᠨᠡᠨ ᠪᠣᠳᠠᠲᠠᠶ ᠬᠤᠪᠢᠷᠠᠯᠲᠠ ᠶᠢ ᠮᠡᠳᠡᠷᠡᠭᠦᠯᠬᠦ ᠶᠠᠪᠤᠳᠠᠯ ᠪᠣᠯᠤᠨ᠎ᠠ᠃ ᠤᠰᠤᠨ ᠤ ᠡᠬᠢ ᠰᠤᠷᠪᠤᠯᠵᠢ ᠠᠴᠠ ᠤᠰᠤᠨ ᠭᠤᠭᠤᠵᠢᠭᠤᠷ ᠬᠦᠷᠲᠡᠯᠡᠬᠢ ᠪᠥᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠤᠰᠤᠨ ᠤ ᠴᠢᠨᠠᠷ ᠤᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠤᠰᠤᠨ ᠤ ᠴᠢᠨᠠᠷ ᠤᠨ | ᠳᠡᠭᠡᠭᠰᠢᠯᠡᠯᠲᠡ ᠶᠢ ᠰᠠᠶᠢᠲᠤᠷ ᠠᠳᠬᠤᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠪᠣᠬᠢᠷ ᠤᠰᠤ ᠶᠢ ᠰᠢᠢᠳᠪᠦᠷᠢᠯᠡᠬᠦ ᠶᠢ ᠴᠢᠩᠭᠠᠳᠬᠠᠵᠤ᠂ ᠰᠠᠨᠠᠭ᠎ᠠ | ᠠᠮᠤᠷ ᠤᠰᠤ᠂ ᠠᠮᠤᠷ ᠲᠦᠪᠰᠢᠨ ᠤᠰᠤ᠂ ᠴᠢᠨᠠᠷ ᠰᠠᠶᠢᠲᠠᠶ ᠤᠰᠤ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠬᠡᠷᠡᠭᠲᠡᠶ᠃ ᠲᠤᠰᠬᠠᠬᠤ ᠠᠷᠭ᠎ᠠ ᠵᠠᠮ ᠢ ᠤᠯᠠᠮ | ᠨᠢᠭᠡ ᠠᠯᠬᠤᠮ ᠰᠢᠯᠤᠭᠤᠳᠬᠠᠵᠤ᠂ ᠲᠦᠷᠭᠡᠨ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠂ ᠤᠯᠠᠨ ᠲᠦᠮᠡᠨ ᠤ ᠲᠤᠰᠬᠠᠭᠰᠠᠨ ᠪᠣᠳᠠᠲᠠᠢ ᠠᠰᠠᠭᠤᠳᠠᠯ | ᠨᠢᠭᠡᠪᠦᠷᠢ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠠᠵᠢᠯ ᠢᠶᠠᠨ ᠪᠣᠳᠠᠲᠠᠢ ᠪᠥᠭᠡᠳ ᠨᠠᠷᠢᠯᠢᠭ ᠬᠢᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ | ᠂ ᠤᠯᠠᠨ ᠲᠦᠮᠡᠨ ᠢ ᠪᠡᠶ᠎ᠡ ᠳᠤᠯᠠᠭᠠᠴᠠᠭᠤᠯᠬᠤ ᠮᠥᠷᠲᠡᠭᠡᠨ ᠪᠠᠰᠠ ᠰᠡᠳᠬᠢᠯ ᠢ ᠳᠤᠯᠠᠭᠠᠴᠠᠭᠤᠯᠬᠤ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ᠂ ᠬᠠᠮᠠᠭᠠᠯᠠᠬᠤ ᠪᠠ | ᠪᠠᠶᠢᠴᠠᠭᠠᠨ ᠵᠠᠰᠠᠬᠤ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠠᠷᠢᠯᠭᠠᠵᠤ᠂ ᠪᠡᠯᠡᠳᠬᠡᠮᠵᠢ | ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠰᠡᠳᠬᠢᠬᠦᠶ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠢᠳᠡᠪᠬᠢᠲᠡᠶ ᠬᠡᠷᠡᠭᠯᠡᠨ᠂ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ᠂ ᠣᠯᠠᠨ ᠲᠦᠮᠡᠨ ᠳᠤ | ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠪᠠ ᠶᠡᠷᠦᠩᠬᠡᠶᠢᠯᠡᠭᠰᠡᠨ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠤᠬᠠᠮᠰᠠᠷ ᠢ | ᠴᠢᠩᠭᠠᠳᠬᠠᠵᠤ᠂ ᠡᠯ᠎ᠡ ᠲᠦᠷᠦᠯ ᠤᠨ ᠬᠤᠭᠤᠯᠠᠢ ᠲᠣᠣᠷ ᠢ ᠵᠠᠰᠠᠵᠤ ᠪᠠᠶᠢᠴᠠᠭᠠᠬᠤ ᠶᠢ ᠴᠢᠩᠭᠠᠳᠬᠠᠵᠤ᠂ ᠭᠤᠭᠤᠵᠢᠵᠤ ᠰᠦᠢᠳᠬᠦ ᠶᠢ ᠪᠠᠭᠠᠰᠬᠠᠵᠤ᠂ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | |