ᠱᠣᠰᠢᠩᠭ᠎ᠠ
  
2024/10/23
ᠱᠣᠰᠢᠩᠭ᠎ᠠ( 1891-1940 )      ᠱᠣᠰᠢᠩᠭ᠎ᠠ᠂ ᠡᠷᠡᠭᠲᠡᠶ ᠂ ᠮᠣᠩᠭᠣᠯ ᠦᠨᠳᠦᠰᠦᠲᠡᠨ ᠂ ᠬᠢᠲᠠᠳ ᠨᠡᠷ᠎ᠡ ᠯᠸ ᠬᠣᠩ ᠵᠢᠶ ᠂ 1891 ᠣᠨ ᠤ ᠪᠢᠯᠢᠭ ᠦᠨ ᠤᠯᠠᠷᠢᠯ ᠤᠨ ᠭᠤᠷᠪᠠᠨ ᠰᠠᠷ᠎ᠠ ᠶᠢᠨ ᠰᠢᠨ᠎ᠡ ᠶᠢᠨ ᠨᠠᠢᠮᠠᠨ ᠳᠤ ᠬᠡᠰᠢᠭᠲᠡᠨ ᠬᠣᠰᠢᠭᠤᠨ ᠤ ᠭᠠᠯᠳᠠᠰᠣᠲᠠᠢ ᠷᠠᠰᠢᠶᠠᠨ ᠳᠤ ᠲᠥᠷᠥᠵᠡᠢ᠃ ᠡᠴᠢᠭᠡ  ᠶᠢᠨ ᠠᠯᠳᠠᠷ ᠨᠢ ᠯᠸᠱᠠᠨ᠂ ᠬᠡᠰᠢᠭᠲᠡᠨ ᠬᠣᠰᠢᠭᠤᠨ ᠤ ᠵᠠᠬᠢᠷᠤᠭᠴᠢ ᠵᠠᠩᠭᠢ ᠂ ᠳᠤᠮᠳᠠᠳᠤ ᠢᠷᠭᠡᠨ ᠤᠯᠤᠰ ᠤᠨ ᠵᠠᠰᠠᠭ ᠤᠨ ᠣᠷᠳᠣᠨ ᠤ ᠨᠢᠭᠡᠳᠦᠭᠡᠷ ᠬᠣᠶᠠᠳᠤᠭᠠᠷ  ᠭᠤᠷᠪᠠᠳᠤᠭᠠᠷ ᠬᠤᠭᠤᠴᠠᠭᠠᠨ ᠤ ᠳᠤᠤᠷᠠᠳᠤ ᠵᠦᠪᠯᠯᠡᠭᠡᠨ ᠦ ᠭᠡᠰᠢᠭᠦᠨ᠃ ᠠᠬ᠎ᠠ ᠯᠧ ᠵᠢᠩ ᠲᠤᠤ ᠨᠢ ᠥᠪᠥᠷ ᠮᠣᠩᠭᠣᠯ ᠤᠨ ᠠᠷᠠᠳ ᠤᠨ ᠬᠤᠪᠢᠰᠬᠠᠯᠲᠤ ᠨᠠᠮ ᠤᠨ ᠡᠭᠦᠳᠦᠨ ᠪᠠᠶᠢᠭᠤᠯᠤᠭᠴᠢ ᠶᠢᠨ ᠨᠢᠭᠡ ᠪᠣᠯᠤᠨ᠎ᠠ ᠃       ᠱᠣᠰᠢᠩᠭ᠎ᠠ ᠪᠠᠭ᠎ᠠ ᠠᠴᠠ ᠪᠠᠨ ᠨᠤᠲᠤᠭ ᠤᠨ ᠢᠶᠠᠨ ᠭᠡᠷ ᠦᠨ ᠰᠤᠷᠭᠠᠭᠤᠯᠢ ᠳᠤ ᠪᠢᠴᠢᠭ ᠦᠵᠡᠵᠡᠢ᠃ ᠳᠠᠷᠠᠭ᠎ᠠ ᠨᠢ ᠪᠡᠭᠡᠵᠢᠩ ᠳᠦ ᠬᠦᠷᠴᠦ ᠮᠣᠩᠭᠣᠯ ᠲᠥᠪᠡᠳ ᠦᠨ ᠰᠤᠷᠭᠠᠭᠤᠯᠢ ᠳᠤ ᠰᠤᠷᠤᠯᠴᠠᠵᠤ ᠠᠷᠠᠳᠴᠢᠯᠠᠭᠰᠠᠨ ᠦᠵᠡᠯ ᠰᠠᠨᠠᠭ᠎ᠠ ᠶᠢᠨ ᠰᠡᠬᠡᠭᠡᠷᠡᠭᠦᠯᠬᠦ ᠬᠥᠮᠦᠵᠢᠯ ᠢ ᠬᠦᠷᠲᠡᠵᠡᠢ᠃ 1919-1924 ᠣᠨ ᠳᠦ ᠱᠣᠰᠢᠩᠭ᠎ᠠ ᠪᠡᠭᠡᠵᠢᠩ ᠦᠨ ᠮᠣᠩᠭᠣᠯ ᠲᠥᠪᠡᠳ ᠦᠨ ᠰᠤᠷᠭᠠᠭᠤᠯᠢ ᠳᠤ ᠰᠤᠷᠤᠯᠴᠠᠵᠤ ᠪᠠᠶᠢᠬᠤ ᠳᠠᠭᠠᠨ ᠡᠪ ᠬᠠᠮᠲᠤ ᠨᠠᠮ ᠤᠨ ᠭᠡᠰᠢᠭᠦᠨ ᠵᠤᠤ ᠱᠢ ᠶᠠᠨ ᠲᠠᠢ ᠬᠠᠷᠢᠯᠴᠠᠵᠤ ᠳᠡᠮᠡᠶ ᠤᠳᠠᠭᠰᠠᠨ ᠦᠭᠡᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠭᠰᠠᠨ ᠪᠠᠶᠢᠨ᠎ᠠ ᠃ 1925 ᠣᠨ ᠤ ᠬᠠᠪᠤᠷ᠂ ᠱᠣᠰᠢᠩᠭ᠎ᠠ ᠬᠡᠰᠢᠭᠲᠡᠨ ᠬᠣᠰᠢᠭᠤ ᠳᠦ ᠪᠤᠴᠠᠨ ᠢᠷᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠦᠨ ᡁᠢ ᠮᠤᠵᠢ ᠶᠢᠨ ᠨᠠᠮ ᠤᠨ ᠬᠣᠷᠢᠶ᠎ᠠ ᠪᠣᠯᠣᠨ ᠬᠣᠵᠢᠮ ᠤᠨ ᠥᠪᠥᠷ ᠮᠣᠩᠭᠣᠯ ᠲᠤᠰᠬᠠᠶ ᠡᠭᠦᠷ ᠦᠨ ᠣᠨᠴᠠᠭᠠᠶ ᠬᠣᠷᠢᠶᠠᠨ ᠤ ᠤᠳᠤᠷᠢᠳᠤᠯᠭ᠎ᠠ ᠳᠣᠣᠷ᠎ᠠ ᠨᠢᠭᠤᠴᠠ ᠠᠵᠢᠯ ᠬᠢᠵᠦ ᠪᠠᠶᠢᠪᠠ ᠃ ᠲᠡᠷᠡ ᠢᠯᠡ ᠪᠡᠷ ᠪᠣᠯ ᠬᠡᠰᠢᠭᠲᠡᠨ ᠬᠣᠰᠢᠭᠤᠨ ᠤ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠵᠠᠬᠢᠷᠤᠯ ᠪᠠᠶᠢᠵᠤ ᠂ ᠬᠥᠮᠦᠰ ᠲᠡᠭᠦᠨ ᠢ 《 ᠯᠧ ᠡᠯ ᠶᠧ 》 ᠭᠡᠵᠦ ᠳᠠᠭᠤᠳᠠᠳᠠᠭ ᠃ ᠲᠡᠷᠡ ᠲᠥᠷᠥᠯ ᠰᠠᠳᠤᠨ ᠤ  ᠨᠡᠷ᠎ᠡ ᠪᠡᠷ ᠬᠡᠰᠢᠭᠲᠡᠨ ᠬᠣᠰᠢᠭᠤᠨ ᠤ ᠲᠣᠮᠣ ᠳᠡᠭᠡᠷᠡᠮ ᠷᠦᠩ ᠰᠠᠨ ᠳ᠋ᠢᠶᠠᠨ( ᠪᠦᠦ ᠵᠧᠨ ᠷᠦᠩ )  ᠳᠤ ᠦᠵᠡᠯ ᠰᠠᠨᠠᠭᠠᠨ ᠤ ᠠᠵᠢᠯ ᠬᠢᠵᠦ᠂ ᠪᠦᠦ ᠵᠧᠨ ᠷᠦᠩ ᠳᠡᠭᠡᠷᠡᠮ ᠬᠢᠬᠦ ᠪᠡᠨ ᠪᠠᠶᠢᠵᠤ ᠴᠡᠷᠢᠭ ᠲᠦ ᠣᠷᠣᠵᠤ  ᠹᠸ᠋ᠩ ᠢᠦᠢ ᠰᠢᠶᠠᠩ ᠦᠨ ᠴᠡᠷᠢᠭ ᠦᠨ ᠬᠤᠷᠢᠶᠠᠨ ᠳᠠᠷᠤᠭ᠎ᠠ ᠪᠣᠯᠵᠠᠢ᠃  ᠱᠣᠰᠢᠩᠭ᠎ᠠ ᠪᠠᠰᠠ ᠲᠡᠭᠦᠨ ᠦ ᠠᠬ᠎ᠠ ᠯᠧ ᠵᠢᠩ ᠲᠤᠤ ᠶᠢ ᠬᠠᠪᠰᠤᠷᠴᠤ᠂ ᠬᠡᠰᠢᠭᠲᠡᠨ ᠬᠣᠰᠢᠭᠤᠨ ᠤ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠲᠠᠯᠬᠡᠷ᠂ ᠪᠠᠶ ᠶᠦᠩ ᠯᠦᠨ ᠵᠡᠷᠭᠡ ᠬᠡᠳᠦᠨ ᠠᠷᠪᠠᠨ ᠮᠣᠩᠭᠣᠯ ᠵᠠᠯᠠᠭᠤᠴᠤᠳ ᠢ ᠮᠣᠩᠭᠣᠯ ᠤᠯᠤᠰ᠂ ᠵᠥᠪᠯᠡᠯᠲᠦ ᠬᠣᠯᠪᠣᠭᠠᠲᠤ ᠤᠯᠤᠰ ᠲᠤ ᠬᠦᠷᠭᠡᠵᠦ ᠰᠤᠷᠤᠯᠴᠠᠭᠤᠯᠵᠤ ᠪᠠᠶᠢᠵᠠᠢ᠃ ᠡᠳᠡᠭᠡᠷ ᠬᠥᠮᠦᠰ ᠤᠨ ᠣᠯᠠᠩᠬᠢ ᠨᠢ ᠥᠪᠥᠷ ᠮᠣᠩᠭᠣᠯ ᠤᠨ ᠦᠨᠳᠦᠰᠦᠲᠡᠨ ᠦ ᠴᠢᠯᠥᠭᠡᠯᠡᠯᠲᠡ ᠶᠢᠨ ᠲᠡᠮᠡᠴᠡᠯ ᠦᠨ ᠭᠣᠣᠯᠯᠠᠭᠴᠢ ᠬᠦᠴᠦᠨ ᠪᠣᠯᠤᠭᠰᠠᠨ ᠪᠠᠶᠢᠨ᠎ᠠ ᠃      ᠱᠣᠰᠢᠩᠭ᠎ᠠ ᠲᠡᠭᠦᠨ ᠦ ᠡᠷᠬᠢᠯᠡᠭᠰᠡᠨ ᠰᠤᠷᠭᠠᠭᠤᠯᠢ ᠪᠠᠷ ᠰᠠᠭᠤᠷᠢᠨ ᠭᠠᠵᠠᠷ ᠪᠣᠯᠭᠠᠵᠤ᠂ ᠠᠳᠠᠯᠢ ᠪᠤᠰᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠭᠰᠢ ᠰᠤᠷᠤᠭᠴᠢᠳ ᠤᠨ ᠳᠤᠮᠳᠠ ᠮᠠᠷᠺᠰ ᠯᠧᠨᠢᠨ ᠦ ᠦᠵᠡᠯ ᠢ ᠤᠬᠠᠭᠤᠯᠵᠤ ᠂ ᠠᠩᠭᠢ ᠶᠢᠨ ᠲᠡᠮᠡᠴᠡᠯ ᠦᠨ ᠲᠤᠬᠠᠶ ᠵᠢᠴᠢ ᠠᠷᠪᠠᠳᠤᠭᠠᠷ ᠰᠠᠷ᠎ᠠ ᠶᠢᠨ ᠬᠤᠪᠢᠰᠬᠠᠯ ᠤᠨ ᠠᠮᠵᠢᠯᠲᠠ ᠣᠯᠤᠭᠰᠠᠨ ᠲᠤᠷᠰᠢᠯᠭ᠎ᠠ ᠶᠢᠨ ᠲᠤᠬᠠᠢ ᠤᠬᠠᠭᠤᠯᠵᠤ ᠪᠠᠶᠢᠵᠠᠢ᠃ 1926 ᠣᠨ ᠳᠤ ᠠᠬ᠎ᠠ ᠯᠧ ᠵᠢᠩ ᠲᠤᠤ ᠨᠢ ᠴᠡᠷᠢᠭ ᠢᠶᠡᠨ ᠳᠠᠭᠠᠭᠤᠯᠤᠨ ᠮᠦᠭᠳᠡᠨ ‍ᠣ ᠴᠡᠷᠢᠭ ᠢ ᠬᠥᠭᠡᠭᠡᠵᠦ ᠪᠢᠷᠠᠭᠤ ᠶᠢ ᠡᠵᠡᠯᠡᠭᠰᠡᠨ ᠦ ᠳᠠᠷᠠᠭ᠎ᠠ᠂ ᠱᠣᠰᠢᠩᠭ᠎ᠠ ᠰᠤᠷᠤᠭᠴᠢᠳ ᠢᠶᠠᠨ ᠳᠠᠭᠠᠭᠤᠯᠤᠨ ᠪᠢᠷᠠᠭᠤ ᠵᠡᠭᠡᠯᠢ ᠳᠡᠭᠡᠷ᠎ᠡ ᠸᠠᠩ ᠭᠦᠩ ᠂ ᠲᠠᠢᠢᠵᠢ ᠨᠠᠷ ᠢ ᠴᠣᠬᠢᠨ ᠤᠨᠠᠭᠠᠵᠤ ᠦᠨᠳᠦᠰᠦᠲᠡᠨ ᠦ ᠡᠷᠬᠡ ᠲᠡᠭᠰᠢ ᠶᠢ ᠲᠡᠮᠡᠴᠡᠨ ᠤᠯᠬᠤ ᠬᠡᠷᠡᠭᠲᠡᠶ ᠭᠡᠰᠡᠨ ᠱᠣᠭ ᠵᠢᠷᠤᠭ ᠪᠣᠯᠤᠨ ᠤᠷᠢᠶ᠎ᠠ ᠯᠣᠽᠦ᠋ᠩ ᠢ ᠨᠠᠭᠠᠵᠤ ᠪᠠᠶᠢᠵᠠᠢ ᠃     1927 ᠣᠨ ᠦ ᠶᠡᠬᠡ ᠬᠤᠪᠢᠰᠬᠠᠯ ᠢᠯᠠᠭᠳᠠᠭᠰᠠᠨ ᠤ ᠳᠠᠷᠠᠭ᠎ᠠ ᠂  ᠱᠣᠰᠢᠩᠭ᠎ᠠ ᠡᠪ  ᠬᠠᠮᠲᠤ ᠨᠠᠮ ᠤᠨ ᠭᠡᠰᠢᠭᠦᠨ ᠯᠢ ᠲᠢᠶᠧ ᠷᠠᠨ ᠵᠡᠷᠭᠡ ᠲᠠᠢ ᠪᠡᠭᠡᠵᠢᠩ ᠴᠧᠩᠳ᠋ᠧ ᠴᠢᠭᠤᠯᠤᠯᠳᠦ ᠬᠠᠭᠠᠯᠭ᠎ᠠ ᠰᠦᠢᠶᠤᠸᠠᠨ ᠵᠡᠷᠭᠡ ᠭᠠᠵᠠᠷ ᠢ ᠭᠡᠰᠦᠨ ᠲᠣᠭᠣᠷᠢᠬᠤ ᠡᠴᠡ ᠭᠠᠳᠠᠨ᠎ᠠ ᠂ ᠶᠡᠬᠡᠩᠬᠢ ᠬᠤᠭᠤᠴᠠᠭᠠᠨ ᠳᠤ ᠲᠤᠰ ᠬᠣᠰᠢᠭᠤ ᠶᠢᠨ ᠬᠥᠳᠡᠭᠡ ᠲᠣᠰᠬᠣᠨ ᠮᠠᠯᠵᠢᠬᠤ ᠣᠷᠣᠨ ᠳᠦ ᠤᠯᠠᠨ ᠲᠦᠮᠡᠨ ᠢ ᠳᠠᠶᠢᠴᠢᠯᠠᠵᠤ ᠠᠯᠪᠠᠨ ᠶᠠᠮᠤᠨ ᠲᠠᠢ ᠲᠡᠮᠡᠴᠡᠯ ᠬᠢᠵᠦ ᠪᠠᠶᠢᠵᠠᠢ᠃     1930 ᠣᠨ ᠳᠤ ᠬᠡᠰᠢᠭᠲᠡᠨ ᠬᠣᠰᠢᠭᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠬᠥᠭᠵᠢᠭᠡᠳ ᠨᠢᠭᠡᠨᠲᠡ 3 ᠬᠥᠮᠦᠨ ᠪᠣᠯᠵᠠᠢ ᠂ ᠲᠡᠷᠡ ᠵᠢᠯ ᠦᠨ ᠬᠠᠪᠤᠷ ᠬᠡᠰᠢᠭᠲᠡᠨ ᠬᠣᠰᠢᠭᠤᠨ ᠤ ᠵᠡᠭᠦᠨ ᠭᠠᠷᠤᠨ ᠨᠠᠮ ᠤᠨ ᠡᠭᠦᠷ ᠪᠠᠶᠢᠭᠤᠯᠤᠭᠳᠠᠵᠤ ᠱᠣᠰᠢᠩᠭ᠎ᠠ ᠱᠦᠵᠢ ᠶᠢᠨ ᠲᠤᠰᠢᠶᠠᠯ ᠢ ᠬᠠᠷᠢᠭᠤᠴᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠣᠨᠴᠣᠭᠣᠶ ᠬᠣᠷᠢᠶ᠎ᠠ ᠳᠤ ᠬᠠᠷᠢᠶᠠᠯᠠᠭᠳᠠᠵᠤ ᠪᠠᠶᠢᠵᠠᠢ᠃     1930 ᠣᠨ ᠤ ᠥᠪᠥᠷ ᠮᠣᠩᠭᠣᠯ ᠤᠨ ᠣᠨᠴᠣᠭᠣᠶ ᠬᠣᠷᠢᠶ᠎ᠠ ᠡᠪᠳ᠋ᠡᠭ᠋ᠳ᠋ᠡᠭ᠋ᠰᠡ ‍ᠠ᠌ᠴᠠ᠂  ᠬᠡᠰᠢᠭᠲᠡᠨ ᠬᠣᠰᠢᠭᠤᠨ ᠤ ᠨᠠᠮ ᠤᠨ ᠡᠭᠦᠷ ᠨᠢ ᠵᠣᠬᠢᠶᠠᠨ ᠪᠠᠶᠢᠭᠤᠯᠤᠯᠲᠠ ᠲᠠᠶ ᠬᠠᠷᠢᠴᠠᠭ᠎ᠠ  ᠠᠯᠳᠠᠵᠠᠢ᠃  ᠲᠤᠰ ᠵᠢᠯ ᠦᠨ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠨᠵᠤ ᠮᠤᠵᠢ ᠶᠢᠨ ᠬᠣᠷᠢᠶ᠎ᠠ ᠥᠪᠥᠷ ᠮᠣᠩᠭᠣᠯ ᠤᠨ ᠨᠠᠮ ᠤᠨ ᠣᠨᠴᠣᠭᠣᠶ ᠬᠣᠷᠢᠶ᠎ᠠ ᠶᠢ ᠳᠠᠬᠢᠨ ᠪᠠᠶᠢᠭᠤᠯᠵᠤ᠂ ᠯᠢ ᠲᠢᠶᠧ ᠷᠠᠨ ( ᠴᠧᠨ ᠵᠢᠩ  ᠬᠤ᠋ ) ᠱᠦᠵᠢ ᠶᠢᠨ ᠲᠤᠰᠢᠶᠠᠯ ᠢ  ᠬᠠᠷᠢᠭᠤᠴᠠᠵᠤ ᠱᠣᠰᠢᠩᠭ᠎ᠠ ᠦᠨᠳᠦᠰᠦᠲᠡᠨ ᠦ ᠭᠡᠰᠢᠭᠦᠨ ᠪᠣᠯᠪᠠ᠃     1931 ᠣᠨ ᠤ10 ᠰᠠᠷ᠎ᠠ  ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠣᠨᠴᠣᠭᠣᠶ ᠬᠣᠷᠢᠶ᠎ᠠ ᠴᠧᠩᠳ᠋ᠧ ᠶᠢᠨ ᠯᠦᠸᠠᠨᠫᠢᠩ ᠰᠢᠶᠠᠨ ᠦ ᠵᠢᠨ ᠭᠸᠦ ᠲᠦᠨ( ᠮᠣᠩᠭᠣᠯ ᠣᠨᠴᠠᠭᠠᠶ ᠨᠠᠮ ᠤᠨ ᠬᠣᠷᠢᠶᠠᠨ ᠤ ᠰᠠᠭᠤᠭ᠎ᠠ ᠭᠠᠵᠠᠷ ) ᠳᠦ ᠡᠯ᠎ᠡ ᠬᠣᠰᠢᠭᠤ ᠰᠢᠶᠠᠨ  ᠤ ᠨᠠᠮ ᠤᠨ ᠲᠥᠯᠥᠭᠡᠯᠡᠭᠴᠢᠳ ᠦᠨ ᠬᠠᠷᠢᠯᠴᠠᠬᠤ ᠬᠤᠷᠠᠯ ᠬᠤᠷᠠᠯᠳᠤᠭᠤᠯᠵᠤ᠂   ᠱᠣᠰᠢᠩᠭ᠎ᠠ ᠬᠡᠰᠢᠭᠲᠡᠨ ᠬᠣᠰᠢᠭᠤᠨ ᠤ ᠵᠡᠭᠦᠨ ᠭᠠᠷᠤᠨ ᠡᠭᠦᠷ ᠢ ᠲᠥᠯᠥᠭᠡᠯᠡᠵᠦ ᠬᠤᠷᠠᠯ ᠳᠤ ᠣᠷᠣᠯᠴᠠᠪᠠ ᠃ ᠬᠤᠷᠠᠯ ᠡᠴᠡ ᠥᠪᠥᠷ ᠮᠣᠩᠭᠣᠯ ᠤᠨ ᠮᠣᠩᠭᠣᠯ ᠬᠢᠲᠠᠳ ᠡᠯ᠎ᠡ ᠦᠨᠳᠦᠰᠦᠲᠡᠨ ᠦ ᠠᠷᠠᠳ ᠲᠦᠮᠡᠨ ᠳᠦ ︽ᠦᠨᠳᠦᠰᠦᠲᠡᠨ ᠨᠦᠭᠦᠳ  ᠪᠦᠯᠬᠦᠮᠳᠡᠵᠡᠭᠡᠵᠦ᠂ ᠶᠠᠫᠣᠨ ᠤ ᠲᠦᠷᠢᠮᠡᠬᠡᠶᠢᠯᠡᠭᠴᠢᠳ ᠢ ᠡᠰᠡᠷᠭᠦᠴᠡᠬᠦ 》ᠤᠷᠢᠶᠠᠯᠠᠭ᠎ᠠ ᠳᠤᠷᠠᠳᠴᠠᠢ᠃ ᠬᠤᠷᠠᠯ ᠤᠨ ᠳᠠᠷᠠᠭ᠎ᠠ  ᠱᠣᠰᠢᠩᠭ᠎ᠠ ᠬᠣᠰᠢᠭᠤ ᠶᠢᠨ ᠪᠦᠷᠢᠨ ᠰᠤᠷᠭᠠᠭᠤᠯᠢ ᠳᠠᠭᠠᠨ ᠮᠣᠩᠭᠣᠯ ᠬᠢᠲᠠᠳ ᠤᠨ ᠡᠷᠳᠡᠮ ᠰᠢᠨᠵᠢᠯᠡᠭᠡᠨ ᠦ ᠬᠤᠷᠢᠶ᠎ᠠ ᠶᠢᠨ ᠪᠢᠷᠠᠭᠤ ᠳᠡᠬᠢ ᠬᠤᠪᠢᠶᠠᠷᠢ ᠬᠣᠷᠢᠶ᠎ᠠ ( ᠶᠡᠷᠦᠩᠬᠡᠶ ᠬᠤᠷᠢᠶ᠎ᠠ ᠨᠢ ᠪᠡᠭᠡᠵᠢᠩ ᠦᠨ ᠮᠣᠩᠭᠣᠯ ᠲᠥᠪᠡᠳ ᠦᠨ ᠰᠤᠷᠭᠠᠭᠤᠯᠢ ᠳᠦ ᠪᠠᠶᠢᠳᠠᠭ )ᠪᠠᠶᠢᠭᠤᠯᠵᠤ ᠂ ᠮᠣᠩᠭᠣᠯ ᠬᠢᠲᠠᠳ ᠤᠨ ᠲᠤᠬᠠᠢ ᠡᠷᠳᠡᠮ ᠰᠢᠨᠵᠢᠯᠡᠭᠡᠨ ᠦ ᠰᠤᠳᠤᠯᠭᠠᠨ ᠬᠢᠬᠦ ᠨᠡᠷ᠎ᠡ ᠪᠡᠷ ᠵᠠᠯᠠᠭᠤᠴᠤᠳ ᠢ ᠪᠦᠯᠬᠦᠮᠳᠡᠭᠦᠯᠦᠨ ᠰᠤᠷᠭᠠᠵᠤ ᠲᠡᠳ᠋ᠡᠨ ᠳᠤ ᠬᠤᠪᠢᠰᠬᠠᠯ ᠢ ᠤᠬᠠᠭᠤᠯᠵᠤ ᠶᠠᠫᠣᠨ ᠢ ᠡᠰᠡᠷᠭᠦᠴᠡᠵᠦ ᠪᠠᠶᠢᠵᠠᠢ᠃     1932 ᠣᠨ ᠤ ᠰᠡᠭᠦᠯᠴᠢ ᠳᠦ ᠶᠠᠫᠣᠨ ᠤ ᠲᠦᠷᠢᠮᠡᠬᠡᠶᠢᠯᠡᠭᠴᠢᠳ ᠤᠨ ᠶᠡᠬᠡ ᠴᠡᠷᠢᠭ ᠥᠪᠥᠷ ᠮᠣᠩᠭᠣᠯ ᠤᠨ ᠵᠡᠭᠦᠨ ᠬᠡᠰᠡᠭ ᠪᠠ ᠷᠸᠾᠸ ᠣᠷᠣᠨ ᠢᠶᠠᠷ ᠬᠠᠯᠳᠠᠷ᠎ᠠ ᠢᠷᠡᠭᠰᠡᠨ ᠦᠶ᠎ᠡ ᠳᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ  ᠣᠨᠴᠣᠭᠤᠢ ᠬᠣᠷᠢᠶ᠎ᠠ ᠪᠧᠶᠢᠫᠢᠩ ᠳᠦ ᠪᠠᠴᠢᠮ ᠬᠤᠷᠠᠯ ᠬᠤᠷᠠᠯᠳᠤᠭᠤᠯᠵᠤ᠂ ᠬᠤᠷᠠᠯ ᠤᠨ ᠳᠠᠷᠠᠭ᠎ᠠ  ᠱᠣᠰᠢᠩᠭ᠎ᠠ ᠂ ᠯᠢ ᠲᠢᠶᠧ ᠷᠠᠨ ᠲᠠᠢ ᠬᠠᠮᠵᠢᠯᠴᠠᠨ ᠤᠯᠠᠠ ᠲᠦᠮᠡᠨ ᠤ  ᠳᠤᠮᠳᠠ ᠭᠦᠨᠵᠡᠭᠡᠶᠢᠷᠡᠵᠦ  ᠲᠡᠳᠡᠨ  ᠢ ᠲᠠᠢᠢᠴᠢᠯᠠᠨ ᠶᠠᠫᠣᠨ ᠢ ᠡᠰᠡᠷᠭᠦᠴᠡᠵᠡᠢ᠃     1933 ᠣᠨ ᠤ 3 ᠰᠠᠷ᠎ᠠ ᠳᠤ ᠶᠠᠫᠣᠨ ᠴᠡᠷᠢᠭ ᠪᠢᠷᠠᠭᠤ ᠶᠢ ᠡᠵᠡᠯᠡᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠨᠠᠮ ᠤᠨ ᠣᠨᠴᠣᠭᠣᠶ ᠬᠣᠷᠢᠶ᠎ᠠ  ᠲᠠᠷᠬᠠᠵᠤ᠂  ᠱᠣᠰᠢᠩᠭ᠎ᠠ ᠮᠥᠨ ᠯᠡ ᠬᠡᠰᠢᠭᠲᠡᠨ ᠬᠣᠰᠢᠭᠤ ᠳᠦ ᠦᠯᠡᠳᠡᠵᠡᠢ᠃ 1937 ᠣᠨ  ᠳᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠯ ᠢ ᠦᠨᠳᠦᠰᠦᠯᠡᠨ ᠭᠡᠷ ᠪᠦᠯᠢ  ᠶᠢᠨ  ᠢᠶᠡᠨ ᠬᠠᠮᠲᠤ ᠪᠸᠢᠢᠫᠢᠩ ᠳ᠋ᠦ ᠰᠢᠯᠵᠢᠪᠡ ᠃ ᠰᠡᠭᠦᠯᠡᠷ ᠨᠢ ᠲᠡᠷᠡ ᠨᠢᠭᠡ  ᠬᠤᠶᠠᠷ ᠤᠳᠠᠭ᠎ᠠ ᠬᠡᠰᠢᠭᠲᠡᠨ ᠳᠦ ᠪᠤᠴᠠᠭᠰᠠᠨ ᠪᠣᠯᠪᠠᠴᠤ ᠬᠡᠰᠢᠭᠲᠡᠨ ᠬᠣᠰᠢᠭᠤ ᠶᠢᠨ ᠨᠠᠮ ᠤᠨ ᠵᠣᠬᠢᠶᠠᠨ ᠪᠠᠶᠢᠭᠤᠯᠤᠯᠲᠠ ᠠᠵᠢᠯᠯᠠᠭ᠎ᠠ ᠬᠢᠬᠦ ᠪᠡᠨ ᠵᠣᠭᠰᠣᠵᠠᠶ ᠃       ᠱᠣᠰᠢᠩᠭ᠎ᠠ ᠪᠸᠢᠢᠫᠢᠡᠭ ‍ᠳᠤ ᠨᠡᠭᠦᠵᠦ ᠤᠷᠤᠭᠰᠠᠨ ᠤ ᠳᠠᠷᠠᠭ᠎ᠠ ᠂ ᠲᠡᠭᠦᠨ ᠦ ᠠᠬ᠎ᠠ  ᠯᠧ ᠵᠢᠩ ᠲᠤᠤ ᠶᠢᠨ ᠲᠠᠨᠢᠯᠴᠠᠭᠤᠯᠭ᠎ᠠ ᠪᠠᠷ ᠪᠸᠢᠢᠫᠢᠩ ‍ ᠬᠤᠲᠠ ᠶᠢᠨ ᠵᠠᠰᠠᠭ ᠤᠨ ᠣᠷᠳᠣᠨ ᠤ ᠵᠥᠪᠯᠡᠭᠴᠢ ᠶᠢᠨ ᠲᠤᠰᠢᠶᠠᠯ ᠢ ᠬᠠᠷᠢᠭᠤᠴᠠᠵᠤ᠂ ᠡᠭᠦᠨ ᠢᠶᠡᠷ ᠢᠶᠡᠨ ᠬᠠᠯᠬᠠᠪᠴᠢ ᠪᠣᠯᠭᠠᠵᠤ ᠮᠥᠨ ᠯᠡ ᠨᠢᠭᠤᠴᠠ ᠠᠵᠢᠯ ᠢᠶᠠᠨ ᠪᠠᠷᠢᠮᠲᠠᠯᠠᠵᠤ ᠪᠠᠶᠢᠪᠠ ᠃ ᠲᠡᠷᠡ ᠨᠠᠶᠢᠷᠠᠯᠲᠤ ᠨᠠᠶᠢᠷᠠᠮᠳᠠᠭᠤ ᠰᠦᠮ᠎ᠡ ᠳᠦ  ᠲᠠᠢ ᠯᠠᠮᠠ ( ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠠᠵᠢᠯᠲᠠᠨ ) ᠲᠠᠢ 《 ᠮᠣᠩᠭᠣᠯ ᠬᠢᠲᠠᠳ ᠬᠡᠯᠡ ᠰᠢᠨᠵᠢᠯᠡᠯ ᠰᠤᠳᠤᠯᠬᠤ》 ᠨᠡᠷ᠎ᠡ  ᠪᠠᠷ ᠦᠷᠭᠦᠯᠵᠢ ᠨᠢᠭᠡ ᠪᠦᠯᠦᠭ ᠬᠥᠮᠦᠰ ᠢ ᠤᠷᠢᠵᠤ ᠬᠤᠷᠠᠯ ᠬᠢᠵᠦ᠂ ᠡᠭᠦᠨ ᠦ ᠤᠯᠠᠮ ᠠᠴᠠ ᠶᠠᠫᠣᠨ ᠤ ᠲᠠᠡᠭ᠋ᠨᠠᠭᠤᠯ ᠳᠤ ᠭᠡᠲᠡᠭᠳᠡᠵᠦ ᠬᠡᠳᠦ ᠤᠳᠠᠭ᠎ᠠ ᠨᠡᠩᠵᠢᠭᠳᠡᠨ ᠭᠡᠷᠡᠴᠢ ᠣᠯᠤᠭᠰᠠᠨ ᠦᠭᠡᠢ ᠡᠴᠡ ᠪᠤᠯᠵᠤ ᠶᠠᠭᠠᠬᠢᠵᠤ ᠴᠦ ᠴᠢᠳᠠᠭᠰᠠᠨ ᠦᠭᠡᠢ ᠪᠠᠶᠢᠪᠠ ᠃     1940 ᠣᠨ ᠳᠤ ᠱᠣᠰᠢᠩᠭ᠎ᠠ ᠪᠡᠭᠡᠵᠢᠩ ᠳᠦ ᠡᠪᠡᠳᠴᠢᠨ ᠢᠶᠡᠷ ᠨᠠᠰᠤ ᠪᠠᠷᠠᠵᠠᠢ ᠂ ᠲᠤᠬᠠᠶ ᠶᠢᠨ ᠵᠢᠯ 49 ᠨᠠᠰᠤᠲᠠᠶ ᠪᠠᠶᠢᠪᠠ ᠃    
          