ᠥᠪᠥᠷ ᠮᠣᠩᠭᠤᠯ ᠤᠨ ᠡᠨᠧᠷᠭᠢ ᠶᠢᠨ ᠪᠠᠭᠠᠷᠢᠨ ᠵᠡᠭᠦᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢ ᠭᠡᠷᠡᠯ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ ᠠᠵᠢᠯ ᠡᠬᠢᠯᠡᠪᠡ
ᠨᠡᠶᠢᠲᠡᠯᠡᠭᠰᠡᠨ ᠴᠠᠭ᠄
2024/10/25
     10 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠪᠠᠭᠠᠷᠢᠨ ᠵᠡᠭᠦᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢ ᠭᠡᠷᠡᠯ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ ᠠᠵᠢᠯ ᠡᠬᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠼᠠᠢ ᠱᠧᠩ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃      ᠥᠪᠥᠷ ᠮᠣᠩᠭᠤᠯ ᠤᠨ ᠡᠨᠧᠷᠭᠢ ᠶᠢᠨ ᠪᠠᠭᠠᠷᠢᠨ ᠵᠡᠭᠦᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢ ᠭᠡᠷᠡᠯ ᠨᠥᠭᠡᠴᠡᠯᠡᠬᠦ ᠰᠠᠭᠤᠷᠢᠨ ᠭᠠᠵᠠᠷ ᠤᠨ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠨᠧᠷᠭᠢ ᠶᠢᠨ ᠲᠥᠷᠥᠯ ᠵᠦᠢᠯ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 326368 ᠲᠦᠮᠡᠨ ᠺᠢᠯᠣᠸᠠᠲ ᠴᠠᠭ ᠲᠤ ᠬᠦᠷᠴᠦ᠂ ᠵᠢᠯ ᠳᠤ 231931 ᠲᠦᠮᠡᠨ ᠺᠢᠯᠣᠸᠠᠲ ᠴᠠᠭ ᠴᠠᠬᠢᠯᠭᠠᠨ ᠭᠠᠷᠭᠠᠵᠤ᠂ ᠵᠢᠯ ᠪᠦᠷᠢ ᠪᠠᠷᠤᠭ 75.08 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ 207.35 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠲᠤᠬᠠᠶ ᠶᠢᠨ ᠭᠠᠵᠠᠷ ᠤᠨ ᠠᠷᠠᠳ ᠤᠨ ᠠᠮᠢᠳᠤᠷᠠᠯ ᠤᠨ ᠬᠥᠭᠵᠢᠯᠲᠡ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ  ᠶᠢᠨ ᠭᠠᠳᠠᠭᠰᠢᠯᠠᠯᠲᠠ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠡᠭᠦᠷᠭᠡ ᠬᠠᠷᠠᠯᠲᠠ ᠶᠢ ᠪᠡᠶᠡᠯᠡᠭᠦᠯᠬᠦ ᠳᠤ ᠬᠦᠴᠦᠨ  ᠨᠡᠮᠡᠷᠢᠯᠡᠬᠦ ᠪᠣᠯᠤᠨ᠎ᠠ᠃    
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ