ᠤᠯᠤᠰ ᠪᠠᠶᠢᠭᠤᠯᠤᠭᠳᠠᠭᠰᠠᠨ ᠠᠴᠠ ᠰᠡᠭᠦᠯᠡᠷᠬᠢ ᠠᠮᠤᠷ ᠲᠦᠪᠰᠢᠨ ᠤ ᠬᠡᠷᠡᠭ ᠢ ᠪᠠᠶᠢᠴᠠᠭᠠᠵᠤ ᠰᠢᠢᠳᠪᠦᠷᠢᠯᠡᠭᠰᠡᠨ ᠲᠡᠦᠬᠡ
ᠨᠡᠶᠢᠲᠡᠯᠡᠭᠰᠡᠨ ᠴᠠᠭ᠄
2024/10/27
    ᠤᠯᠤᠰ ᠪᠠᠶᠢᠭᠤᠯᠤᠭᠳᠠᠭᠰᠠᠨ ᠠᠴᠠ ᠰᠡᠭᠦᠯᠡᠷ ᠡᠯ᠎ᠡ ᠱᠠᠲᠣᠨ ᠤ ᠳᠣᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠣᠯᠠᠨ ᠨᠡᠶᠢᠲᠡ ᠶᠢᠨ ᠡᠮᠬᠢ ᠲᠢᠭᠯᠢᠮ ᠢ ᠰᠠᠮᠠᠭᠤᠷᠠᠭᠤᠯᠤᠭᠰᠠᠨ ᠪᠠ ᠠᠮᠤᠷ ᠲᠦᠪᠰᠢᠨ ᠢ ᠬᠠᠮᠠᠭᠠᠯᠠᠬᠤ ᠳᠦᠷᠢᠮ ᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠠᠪᠤᠳᠠᠯ ᠢ ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠪᠠᠶᠢᠩᠭᠤ ᠶᠢᠨ ᠴᠢᠨᠠᠷ ᠲᠠᠢ ᠡᠭᠦᠷᠭᠡ ᠶᠢᠨ ᠨᠢᠭᠡ ᠪᠣᠯᠭᠠᠭᠰᠠᠨ ᠪᠠᠶᠢᠳᠠᠭ᠃ ᠬᠤᠲᠠ ᠪᠠᠯᠭᠠᠰᠤᠨ ᠳᠤ ᠳᠣᠲᠤᠭᠠᠲᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠠᠶᠢᠭᠤᠯᠤᠨ ᠠᠷᠠᠳ ᠤᠨ ᠴᠠᠭᠳᠠᠭ᠎ᠠ ᠲᠣᠬᠢᠷᠠᠭᠤᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠰᠢᠶᠠᠩ ︵ᠰᠣᠮᠣ︶ ᠪᠠᠯᠭᠠᠰᠤᠨ ᠳᠤ ᠲᠣᠲᠣᠭᠠᠲᠤ ᠶᠢ ᠬᠠᠮᠠᠭᠠᠯᠠᠬᠤ ᠲᠤᠰᠠᠯᠠᠭᠴᠢ ᠪᠣᠶᠤ ᠲᠣᠲᠣᠭᠠᠲᠤ ᠶᠢ ᠬᠠᠮᠠᠭᠠᠯᠠᠬᠤ ᠣᠨᠴᠠᠭᠠᠢ ᠲᠣᠰᠢᠶᠡᠯᠲᠡᠨ ᠢ ᠲᠣᠬᠢᠷᠠᠭᠤᠯᠤᠨ᠂ ᠬᠡᠷᠡᠭ ᠵᠠᠷᠭᠤ ᠪᠠᠶᠢᠴᠠᠭᠠᠵᠤ ᠰᠢᠢᠳᠪᠦᠷᠢᠯᠡᠬᠦ ᠶᠢ ᠬᠠᠷᠢᠭᠤᠴᠠᠭᠤᠯᠵᠤ ᠪᠠᠶᠢᠵᠠᠢ᠃    1957 ᠣᠨ ᠤ 10 ᠰᠠᠷ᠎ᠠ ᠳᠤ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠪᠠᠲᠤᠯᠠᠭᠰᠠᠨ ︽ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠰᠢᠢᠳᠬᠡᠯ ᠤᠨ ᠳᠦᠷᠢᠮ︾ ᠢ ᠨᠡᠶᠢᠲᠡᠯᠡᠨ ᠬᠡᠷᠡᠭᠵᠢᠭᠦᠯᠵᠦ᠂ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠳᠦᠷᠢᠮᠵᠢᠯᠡᠯ ᠲᠠᠢ ᠪᠣᠯᠭᠠᠵᠤ᠂ ᠨᠡᠶᠢᠭᠡᠮ ᠤᠨ ᠡᠮᠬᠢ ᠲᠢᠭᠯᠢᠮ ᠢ ᠰᠠᠮᠠᠭᠤᠷᠠᠭᠤᠯᠤᠭᠰᠠᠨ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠷᠰᠢᠯᠠᠭᠰᠠᠨ᠂ ᠠᠷᠠᠳ ᠢᠷᠭᠡᠳ ᠤᠨ ᠪᠡᠶ᠎ᠡ ᠶᠢᠨ ᠡᠷᠬᠡ ᠠᠰᠢᠭ ᠲᠤ ᠬᠠᠯᠳᠠᠭᠰᠠᠨ᠂ ᠨᠡᠶᠢᠲᠡ ᠪᠣᠯᠣᠨ ᠬᠤᠪᠢ ᠶᠢᠨ ᠡᠳ᠋ ᠬᠤᠭᠰᠢᠯ ᠳᠤ ᠬᠠᠯᠳᠠᠭᠰᠠᠨ ᠵᠡᠷᠭᠡ ᠬᠠᠷᠠᠬᠠᠨ ᠡᠷᠡᠭᠦᠦ ᠰᠢᠢᠳᠬᠡᠯ ᠳᠤ ᠬᠦᠷᠬᠦ ᠦᠭᠡᠢ ᠶᠢ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠲᠡᠭᠦᠨ ᠤ ᠦᠢᠯᠡ ᠠᠵᠢᠯᠯᠠᠭ᠎ᠠ ᠶᠢᠨ ᠬᠢᠨᠢ ᠪᠠᠶᠢᠳᠠᠯ ᠪᠣᠯᠣᠨ ᠬᠤᠣᠷ ᠬᠦᠨᠦᠭᠡᠯ ᠤᠨ ᠬᠡᠮᠵᠢᠶ᠎ᠡ ᠶᠢ ᠦᠨᠳᠦᠰᠦᠯᠡᠵᠦ᠂ ᠲᠤᠰ ᠲᠤᠰ ᠲᠤ ᠨᠢ ᠰᠡᠷᠡᠮᠵᠢᠯᠡᠭᠦᠯᠬᠦ᠂ ᠵᠣᠭᠤᠰ ᠢᠶᠠᠷ ᠲᠣᠷᠭᠠᠬᠤ᠂ ᠠᠮᠤᠷ ᠲᠦᠪᠰᠢᠨ ᠤ ᠬᠡᠷᠡᠭ ᠢᠶᠠᠷ ᠲᠦᠷ ᠬᠤᠷᠢᠬᠤ ᠪᠤᠶᠤ ᠬᠢᠵᠠᠭᠠᠷᠯᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠵᠡᠷᠭᠡ ᠲᠣᠷᠭᠠᠭᠤᠯᠢ ᠰᠢᠢᠳᠬᠡᠯ ᠣᠯᠭᠤᠪᠠ᠃ ᠠᠮᠤᠷ ᠲᠦᠪᠰᠢᠨ ᠤ ᠬᠡᠷᠡᠭ ᠢ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠪᠠᠶᠢᠴᠠᠭᠠᠨ ᠢᠯᠭᠠᠷᠠᠭᠤᠯᠵᠤ᠂ ᠪᠠᠶᠢᠳᠠᠯ ᠨᠢ ᠪᠣᠳᠤᠯᠢᠶᠠᠨᠲᠠᠢ᠂ ᠬᠤᠣᠷ ᠬᠦᠨᠦᠭᠡᠯ ᠪᠣᠯᠣᠨ ᠨᠦᠯᠦᠭᠡ ᠨᠢ ᠶᠡᠭᠡ ᠠᠮᠤᠷ ᠲᠦᠪᠰᠢᠨ ᠤ ᠬᠡᠷᠡᠭ ᠢ ᠳᠡᠭᠡᠲᠤ ᠱᠠᠲᠤᠨ ᠤ ᠠᠮᠤᠷ ᠲᠦᠪᠰᠢᠨ ᠢ ᠬᠠᠮᠠᠭᠠᠯᠠᠬᠤ ᠰᠠᠯᠠᠭ᠎ᠠ ᠮᠦᠴᠢᠷ ᠵᠣᠬᠢᠶᠠᠨ ᠪᠠᠶᠢᠭᠤᠯᠣᠨ ᠪᠠᠶᠢᠴᠠᠭᠠᠵᠤ ᠢᠯᠭᠠᠷᠠᠭᠤᠯᠪᠠ᠃ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠥᠢᠯᠡᠰ ᠤᠨ ᠨᠢᠭᠡᠴᠢ ᠶᠢᠨ ᠳᠣᠲᠤᠭᠠᠳᠤ ᠳᠤ ᠡᠭᠦᠰᠦᠭᠰᠡᠨ ᠠᠮᠤᠷ ᠲᠦᠪᠰᠢᠨ ᠤ ᠬᠡᠷᠡᠭ ᠢ ᠪᠠᠶᠢᠭᠤᠯᠭ᠎ᠠ ᠨᠢᠭᠡᠴᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠦᠴᠢᠷ ᠵᠣᠬᠢᠶᠠᠨ ᠪᠠᠶᠢᠭᠤᠯᠤᠨ ᠪᠠᠶᠢᠴᠠᠭᠠᠨ ᠢᠯᠭᠠᠷᠠᠭᠤᠯᠵᠤ᠂ ᠣᠷᠣᠨ ᠨᠣᠲᠤᠭ ᠤᠨ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠵᠢᠭᠠᠨ ᠵᠢᠯᠣᠭᠤᠳᠪᠠ᠃ ︽ᠰᠤᠷᠭᠠᠨ ᠬᠦᠮᠦᠵᠢᠭᠦᠯᠬᠦ ᠪᠠ ᠲᠣᠷᠭᠠᠨ ᠰᠢᠢᠳᠬᠡᠬᠦ ᠶᠢ ᠤᠶᠠᠯᠳᠤᠭᠤᠯᠬᠤ︾ ᠵᠠᠷᠴᠢᠮ ᠢ ᠪᠠᠷᠢᠮᠲᠠᠯᠠᠵᠤ᠂ ᠠᠮᠤᠷ ᠲᠦᠪᠰᠢᠨ ᠤ ᠲᠢᠭᠯᠢᠮ ᠪᠣᠯᠣᠨ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠵᠤ᠂ ᠠᠷᠠᠳ ᠢᠷᠭᠡᠳ ᠤᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠪᠠ᠃    1962 ᠣᠨ ᠳᠤ ᠪᠦᠬᠦ ᠠᠶᠢᠮᠠᠭ ᠲᠤ 3 767 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠰᠢᠢᠳᠬᠡᠨ ᠲᠣᠷᠭᠠᠭᠰᠠᠨ ᠨᠢ 4 934 ᠬᠥᠮᠥᠨ ᠤᠳᠠᠭ᠎ᠠ ᠳᠤ ᠬᠦᠷᠪᠡ᠃    ︽ᠰᠣᠶᠤᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠨᠢ ᠬᠠᠷᠰᠢ ᠰᠠᠭᠠᠳ ᠲᠤ ᠤᠴᠠᠷᠠᠪᠠ᠃ 1979 ᠣᠨ ᠳᠤ ︽ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠰᠢᠢᠳᠬᠡᠯ ᠤᠨ ᠳᠦᠷᠢᠮ︾ ᠢ ᠰᠡᠷᠭᠦᠭᠡᠵᠦ ᠬᠡᠷᠡᠭᠵᠢᠭᠦᠯᠪᠡ᠃ 1982 ᠣᠨ ᠳᠤ ᠪᠦᠬᠦ ᠠᠶᠢᠮᠠᠭ ᠲᠤ 2 647 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 3205 ᠬᠦᠮᠦᠨ ︵ᠤᠳᠠᠭ᠎ᠠ︶ ᠢ ᠲᠣᠷᠭᠠᠨ ᠰᠢᠢᠳᠬᠡᠵᠦ᠂ 2 282 ᠬᠥᠮᠥᠨ ᠢ ᠲᠦᠷ ᠬᠤᠷᠢᠵᠤ᠂ 788 ᠬᠥᠮᠥᠨ ᠢ ᠵᠣᠭᠤᠰ ᠢᠶᠠᠷ ᠲᠣᠷᠭᠠᠵᠤ᠂ 134 ᠬᠥᠮᠥᠨ ᠳᠤ ᠰᠡᠷᠡᠮᠵᠢ ᠰᠢᠢᠳᠬᠡᠯ ᠥᠭᠪᠡ᠃ 1983 ᠣᠨ ᠳᠤ ᠪᠦᠬᠦ ᠠᠶᠢᠮᠠᠭ ᠲᠤ 2 608 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 3513 ᠬᠦᠮᠦᠨ ︵ᠤᠳᠠᠭ᠎ᠠ︶ ᠢ ᠲᠣᠷᠭᠠᠨ ᠰᠢᠢᠳᠬᠡᠵᠦ᠂ 2504 ᠬᠥᠮᠥᠨ ᠢ ᠲᠦᠷ ᠬᠤᠷᠢᠵᠤ᠂ 956 ᠬᠥᠮᠥᠨ ᠢ ᠵᠣᠭᠤᠰ ᠢᠶᠠᠷ ᠲᠣᠷᠭᠠᠵᠤ᠂ 35 ᠬᠥᠮᠥᠨ ᠳᠤ ᠰᠡᠷᠡᠮᠵᠢ ᠰᠢᠢᠳᠬᠡᠯ ᠥᠭᠪᠡ᠃ 1985 ᠣᠨ ᠳᠤ ᠪᠦᠬᠦ ᠠᠶᠢᠮᠠᠭ ᠲᠤ 2 285 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 2 222 ᠬᠥᠮᠥᠨ ᠢ ᠲᠦᠷ ᠬᠤᠷᠢᠵᠤ᠂ 1293 ᠬᠥᠮᠥᠨ ᠢ ᠵᠣᠭᠤᠰ ᠢᠶᠠᠷ ᠲᠣᠷᠭᠠᠵᠤ᠂ 126 ᠬᠥᠮᠥᠨ ᠳᠤ ᠰᠡᠷᠡᠮᠵᠢ ᠰᠢᠢᠳᠬᠡᠯ ᠥᠭᠪᠡ᠃    1986 ᠣᠨ ᠤ 10 ᠰᠠᠷ᠎ᠠ ᠳᠤ ᠤᠯᠤᠰ ᠤᠨ ᠳᠣᠲᠤᠭᠠᠲᠤ ᠶᠢ ᠬᠠᠮᠠᠭᠠᠯᠠᠬᠤ ᠶᠠᠮᠣᠨ ᠵᠠᠰᠠᠪᠤᠷᠢ ᠣᠷᠣᠭᠤᠯᠤᠭᠰᠠᠨ ᠠᠴᠠ ᠰᠡᠭᠦᠯᠡᠷᠬᠢ ︽ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠰᠢᠢᠳᠬᠡᠯ ᠤᠨ ᠳᠦᠷᠢᠮ︾ ᠢ ᠨᠡᠶᠢᠲᠡᠯᠡᠵᠦ᠂ ᠡᠯ᠎ᠡ ᠱᠠᠲᠤᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠣᠬᠢᠶᠠᠨ ᠪᠠᠶᠢᠭᠤᠯᠤᠯᠲᠠ ᠲᠠᠢ ᠤᠬᠠᠭᠤᠯᠤᠨ ᠨᠠᠶᠢᠳᠠᠪᠦᠷᠢᠵᠢᠭᠤᠯᠪᠠ᠃ ᠲᠣᠰ ᠵᠢᠯ ᠪᠦᠬᠦ ᠬᠤᠲᠠ ᠳᠤ 2 227 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 4 148 ᠬᠦᠮᠦᠨ ︵ᠤᠳᠠᠭ᠎ᠠ︶ ᠢ ᠲᠣᠷᠭᠠᠨ ᠰᠢᠢᠳᠬᠡᠪᠡ᠃ 1987 ᠣᠨ ᠳᠤ ᠪᠦᠬᠦ ᠬᠤᠲᠠ ᠳᠤ 2 196 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 3 928 ᠬᠦᠮᠦᠨ ︵ᠤᠳᠠᠭ᠎ᠠ︶ ᠢ ᠲᠣᠷᠭᠠᠨ ᠰᠢᠢᠳᠬᠡᠪᠡ᠃ 1989 ᠣᠨ ᠳᠤ ᠪᠦᠬᠦ ᠬᠤᠲᠠ ᠳᠤ 3 047 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 5 596 ᠬᠦᠮᠦᠨ ︵ᠤᠳᠠᠭ᠎ᠠ︶ ᠢ ᠲᠣᠷᠭᠠᠨ ᠰᠢᠢᠳᠬᠡᠵᠦ᠂ 2698 ᠬᠦᠮᠦᠨ ᠢ ᠲᠦᠷ ᠬᠤᠷᠢᠵᠤ᠂ 2647 ᠬᠦᠮᠦᠨ ᠢ ᠵᠣᠭᠤᠰ ᠢᠶᠠᠷ ᠲᠣᠷᠭᠠᠪᠠ᠃ 1990 ᠣᠨ ᠳᠤ ᠪᠦᠬᠦ ᠬᠤᠲᠠ ᠳᠤ 3 322 ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠵᠦ᠂ 6 040 ᠬᠦᠮᠦᠨ ︵ᠤᠳᠠᠭ᠎ᠠ︶ ᠢ ᠲᠣᠷᠭᠠᠨ ᠰᠢᠢᠳᠬᠡᠵᠦ᠂ 2534 ᠬᠦᠮᠦᠨ ︵ᠤᠳᠠᠭ᠎ᠠ︶ ᠢ ᠲᠦᠷ ᠬᠤᠷᠢᠵᠤ᠂ 3111 ᠬᠦᠮᠦᠨ ︵ᠤᠳᠠᠭ᠎ᠠ︶ ᠢ ᠵᠣᠭᠤᠰ ᠢᠶᠠᠷ ᠲᠣᠷᠭᠠᠵᠤ᠂ 3961 ᠬᠦᠮᠦᠨ ︵ᠤᠳᠠᠭ᠎ᠠ︶ ᠳᠤ ᠰᠡᠷᠡᠮᠵᠢ ᠰᠢᠢᠳᠬᠡᠯ ᠥᠭᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ