ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/10/8
      ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃ᠨᠢᠭᠡ᠂ ᠢᠯᠡ ᠨᠡᠶᠢᠲᠡᠯᠡᠬᠦ ᠨᠡᠷᠡᠰ    ᠵᠸᠤ ᠶᠠ ᠳ᠋ᠦᠩ᠂ ᠡᠷᠡᠭᠲᠡᠶ᠂ ᠮᠣᠩᠭᠤᠯ ᠦᠨᠳᠦᠰᠦᠲᠡᠨ᠂ 1970 ᠣᠨ ᠤ 12 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠤᠯᠠᠭᠠᠨᠬᠠᠳᠠ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ᠂ ᠬᠡᠷᠡᠭ ᠮᠡᠳᠡᠭᠴᠢᠳ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃       ᠯᠢ ᠴᠦᠨ ᠰᠢᠶᠤᠤ᠂ ᠡᠷᠡᠭᠲᠡᠢ᠂ ᠬᠢᠲᠠᠳ ᠦᠨᠳᠦᠰᠦᠲᠡᠨ᠂ 1969 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠳᠤ ᠤᠯᠠᠭᠠᠨᠬᠠᠳᠠ ᠶᠢᠨ ᠹᠦ᠋ ᠯᠦᠩ ᠨᠡᠶᠢᠲᠡ ᠶᠢᠨ ᠬᠡᠷᠡᠭᠯᠡᠭᠡᠨ ᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠤᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ  ᠠᠵᠤ ᠠᠬᠤᠶᠢᠯᠠᠯ ᠤᠨ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃    ᠪᠦᠦ ᠵᠢᠶᠠᠨ ᠭᠦᠸᠧ᠂ ᠡᠷᠡᠭᠲᠡᠶ᠂ ᠮᠣᠩᠭᠤᠯ ᠦᠨᠳᠦᠰᠦᠲᠡᠨ᠂ 1969 ᠣᠨ ᠤ 9 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠶᠢᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠤᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃    ᠯᠢ ᠹᠧᠩ ᠴᠢᠩ᠂ ᠡᠷᠡᠭᠲᠡᠢ᠂ ᠬᠢᠲᠠᠳ ᠦᠨᠳᠦᠰᠦᠲᠡᠨ᠂ 1965 ᠣᠨ ᠤ 9 ᠰᠠᠷ᠎ᠠ ᠳᠤ ᠲᠦᠷᠦᠵᠠᠢ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠯᠠᠭᠠᠨᠬᠠᠳᠠ ᠬᠤᠳᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠤᠢ᠃    ᠶᠢᠨ ᠶᠠᠨ ᠴᠧᠨ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠶᠢᠨ ᠳᠤ ᠲᠣᠮᠢᠯᠠᠬᠤ ᠪᠠᠷ ᠪᠤᠢ᠃    ᠰᠢᠤᠢ ᠵᠢᠶᠠᠨ ᠬᠤᠢ᠂ ᠡᠷᠡᠭᠲᠡᠢ᠂ ᠮᠣᠩᠭᠤᠯ ᠦᠨᠳᠦᠰᠦᠲᠡᠨ᠂ 1975 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠬᠢᠨᠠᠨ ᠪᠠᠶᠢᠴᠠᠭᠠᠬᠤ ᠳᠠᠷᠤᠭ᠎ᠠ  ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠤᠢ᠃    ᠯᠢ ᠭᠦᠸᠧ ᠯᠢᠨ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 10 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃    ᠯᠦᠸᠧ ᠬᠠᠢ ᠶᠠᠩ᠂ ᠡᠷᠡᠭᠲᠡᠶ᠂ ᠬᠢᠲᠠᠳ ᠦᠨᠳᠦᠰᠦᠲᠡᠨ᠂ 1979 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠡᠰᠢᠭᠲᠡᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯᠲᠠᠨ ᠤ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃    ᠸᠠᠩ ᠬᠠᠶ ᠢᠦᠶ᠂ ᠡᠷᠡᠭᠲᠡᠶ᠂ ᠮᠣᠩᠭᠤᠯ ᠦᠨᠳᠦᠰᠦᠲᠡᠨ᠂ 1979 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠲᠠ ᠶᠢᠨ ᠰᠢᠭᠤᠳ ᠬᠠᠷᠢᠶ᠎ᠠ ᠺᠠᠳ᠋ᠷ ᠤᠨ ᠰᠠᠯᠠᠭᠠᠨ ᠤ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯᠲᠠᠨ ᠤ ᠲᠤᠰᠢᠶᠠᠯ ᠳᠤ ᠲᠣᠮᠢᠯᠠᠬᠤ ᠪᠠᠷ ᠪᠤᠢ᠃    ᠸᠠᠩ ᠶᠠᠨ᠂ ᠡᠷᠡᠭᠲᠡᠶ᠂ ᠬᠢᠲᠠᠳ ᠦᠨᠳᠦᠰᠦᠲᠡᠨ᠂ 1985 ᠣᠨ ᠤ 3 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯᠲᠠᠨ ᠤ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃    ᠬᠠᠨ ᠰᠢᠶᠤᠤ ᠹᠧᠩ᠂ ᠡᠷᠡᠭᠲᠡᠶ᠂ ᠮᠣᠩᠭᠤᠯ ᠦᠨᠳᠦᠰᠦᠲᠡᠨ᠂ 1969 ᠣᠨ ᠤ 9 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠡᠰᠢᠭᠲᠡᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ  ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃    ᠸᠧᠨ ᡁᠢ ᠭᠠᠩ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 12 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠣᠩᠨᠢᠭᠤᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃    ᠵᠠᠩ ᠫᠧᠩ᠂ ᠡᠷᠡᠭᠲᠡᠶ᠂ ᠬᠢᠲᠠᠳ ᠦᠨᠳᠦᠰᠦᠲᠡᠨ᠂ 1972 ᠣᠨ ᠤ 10 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠨᠠᠮ ᠪᠦᠯᠦᠭ ᠤᠨ ᠪᠤᠰᠤ ᠬᠥᠮᠦᠨ᠂ ᠣᠲᠣ ᠣᠩᠨᠢᠭᠤᠳ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃    ᠯᠢᠦ ᠰᠢᠤᠸᠠᠢ ᠯᠢᠩ᠂ ᠡᠮᠡᠭᠲᠡᠶ᠂ ᠬᠢᠲᠠᠳ ᠦᠨᠳᠦᠰᠦᠲᠡᠨ᠂ 1981 ᠣᠨ ᠤ 11 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠨᠠᠮ ᠪᠦᠯᠦᠭ ᠤᠨ ᠪᠤᠰᠤ ᠬᠥᠮᠦᠨ᠂ ᠣᠲᠣ ᠨᠢᠩᠴᠧᠩ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ᠃ᠬᠤᠶᠠᠷ᠂ ᠢᠯᠡ ᠨᠡᠶᠢᠲᠡᠯᠡᠬᠦ ᠴᠠᠭ     2024 ᠣᠨ ᠤ 10 ᠰᠠᠷ᠎ᠠ ᠶᠢᠨ 08 ᠤ ᠡᠳᠦᠷ ᠠᠴᠠ 2024 ᠣᠨ ᠤ 10 ᠰᠠᠷ᠎ᠠ ᠶᠢᠨ 12 ᠤᠨ ᠡᠳᠦᠷ ᠪᠣᠯᠲᠠᠯ᠎ᠠ ᠪᠣᠯᠤᠨ᠎ᠠ᠃ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ     ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃     ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ ᠲᠣᠬᠢᠷᠠᠭᠤᠯᠪᠠ᠃     ᠭᠥᠯᠢᠶᠡᠨ ᠠᠪᠬᠤ ᠴᠠᠭ᠄ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 ︱ 12᠄ 00     ᠦᠳᠡ ᠶᠢᠨ ᠬᠤᠶᠢᠨᠠᠬᠢ 2᠄ 30 ︱ 5᠄ 30     ᠭᠥᠯᠢᠶᠡᠨ ᠠᠪᠬᠤ ᠤᠲᠠᠰᠤ᠄ ︵0476︶ 12380     ᠣᠨᠴᠠᠭᠠᠶᠢᠯᠠᠨ ᠵᠠᠷᠯᠠᠪᠠ                          ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ                          ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ                                      2024 ᠣᠨ ᠤ 10 ᠰᠠᠷ᠎ᠠ ᠶᠢᠨ 7 ᠤ ᠡᠳᠦᠷ
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ