︽ᠤᠯᠠᠭᠠᠨᠬᠠᠳᠠ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃
ᠨᠡᠶᠢᠲᠡᠯᠡᠭᠰᠡᠨ ᠴᠠᠭ᠄
2024/10/9
      ᠰᠤᠷᠪᠤᠯᠵᠢᠯᠠᠬᠰᠠᠨ ᠵᠣᠴᠢᠨ᠄ ᠸᠠᠩ ᠵᠢᠶᠠᠨ ᠵᠢᠶᠦ᠋ᠨ      ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠪᠣᠳᠠᠳᠤ ᠲᠡᠮᠳᠡᠭᠯᠡᠯ      9 ᠰᠠᠷ᠎ᠠ ᠶᠢᠨ 26 ᠤ ᠡᠳᠦᠷ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠤᠷᠠᠯ ᠳᠡᠭᠡᠷ᠎ᠡ ︽ᠠᠷᠭ᠎ᠠ ᠬᠡᠮᠵᠢᠶ᠎ᠡ︾ ᠶᠢ ᠲᠤᠭᠤᠷᠪᠢᠭᠰᠠᠨ ᠶᠠᠪᠤᠴᠠ ᠵᠢᠴᠢ ᠭᠤᠤᠯ ᠠᠭᠤᠯᠭ᠎ᠠ ᠶᠢ ᠨᠠᠷᠢᠨ ᠲᠠᠨᠢᠯᠴᠠᠭᠤᠯᠪᠠ᠃    ︽ᠠᠷᠭ᠎ᠠ ᠬᠡᠮᠵᠢᠶ᠎ᠡ︾ ᠶᠢ ᠲᠤᠭᠤᠷᠪᠢᠨ ᠪᠢᠴᠢᠬᠦ ᠶᠠᠪᠤᠴᠠ ᠳᠤ᠂ ᠠᠵᠤ ᠠᠬᠤᠶᠢᠯᠠᠯ ᠤᠨ ᠪᠠᠶᠢᠴᠠᠭᠠᠨ ᠰᠤᠳᠤᠯᠤᠯᠲᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠶᠠᠷᠢᠯᠴᠠᠬᠤ ᠬᠤᠷᠠᠯ ᠢᠶᠠᠷ ᠳᠠᠮᠵᠢᠨ 139 ᠵᠦᠢᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠪᠠ᠃ ᠡᠲᠡᠭᠡᠷ ᠠᠵᠤ ᠠᠬᠤᠶᠢᠯᠠᠯ ᠪᠠ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠰᠡᠯ ᠱᠠᠭᠠᠷᠳᠠᠯᠭ᠎ᠠ ᠨᠢ ᠴᠥᠮ ︽ᠠᠷᠭ᠎ᠠ ᠬᠡᠮᠵᠢᠶ᠎ᠡ︾ ᠳᠤ ᠭᠦᠢᠴᠡᠳ ᠢᠯᠡᠷᠡᠭᠦᠯᠦᠭᠰᠡᠨ ᠤ ᠬᠠᠮᠲᠤ᠂ ᠡᠯ᠎ᠡ ᠰᠠᠯᠠᠭ᠎ᠠ ᠮᠥᠴᠢᠷ ᠪᠠ ᠬᠤᠰᠢᠭᠤ ᠰᠢᠶᠠᠨ ᠲᠣᠭᠤᠷᠢᠭ ᠤᠨ ᠳᠤᠷᠠᠳᠤᠭᠰᠠᠨ ᠭᠤᠤᠯ ᠬᠠᠲᠠᠭᠤ ᠠᠷᠭ᠎ᠠ ᠬᠡᠮᠵᠢᠶ᠎ᠡ ᠶᠢ ᠴᠦ ᠪᠦᠬᠦᠨ ᠢ ᠭᠥᠯᠢᠶᠡᠨ ᠠᠪᠴᠤ ᠬᠡᠷᠡᠭᠯᠡᠪᠡ᠃    ︽ᠠᠷᠭ᠎ᠠ ᠬᠡᠮᠵᠢᠶ᠎ᠡ︾ ᠳᠤ ᠨᠡᠶᠢᠲᠡ 19 ᠵᠤᠷᠪᠤᠰ ᠪᠣᠳᠠᠲᠠᠶ ᠠᠭᠤᠯᠭ᠎ᠠ ᠶᠢ ᠪᠠᠭᠲᠠᠭᠠᠵᠤ᠂ ᠭᠤᠤᠯᠳᠠᠭᠤ 11 ᠲᠠᠯ᠎ᠠ ᠶᠢ ᠬᠠᠮᠤᠷᠴᠠᠶ᠃ ᠡᠭᠦᠨ ᠳᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠬᠠᠷᠰᠢᠯᠠᠬᠤ ᠪᠠ ᠡᠷᠬᠡ ᠲᠡᠭᠰᠢ ᠪᠠᠷ ᠥᠷᠢᠰᠦᠯᠳᠦᠬᠦ ᠲᠠᠯ᠎ᠠ ᠪᠠᠷ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠬᠠᠷᠰᠢᠯᠠᠬᠤ᠂ ᠬᠦᠴᠦᠨ ᠵᠦᠢᠯ ᠢ ᠡᠷᠬᠡ ᠲᠡᠭᠰᠢ ᠪᠠᠷ ᠤᠯᠬᠤ ᠵᠡᠷᠭᠡ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠪᠠᠶᠢᠭᠤᠯᠵᠤ᠂ ︽ᠨᠠᠷᠢᠨ ᠬᠠᠭᠤᠳᠠᠰᠤ ᠠᠴᠠ ᠭᠠᠳᠠᠨ᠎ᠠ ᠬᠢᠨᠠᠨ ᠵᠥᠪᠰᠢᠶᠡᠷᠡᠬᠦ ᠦᠭᠡᠢ ᠪᠠᠶᠢᠬᠤ︾ ᠪᠠ ᠠᠵᠤ ᠠᠬᠤᠶᠢᠯᠠᠯ ᠳᠤ ᠬᠤᠯᠪᠣᠭᠳᠠᠬᠤ 11 ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠣᠯᠭᠠᠨ ᠰᠢᠢᠳᠪᠦᠷᠢᠯᠡᠬᠦ︾ ᠵᠡᠷᠭᠡ ᠬᠠᠷᠠᠯᠲᠠ ᠶᠢ  ᠪᠡᠶᠡᠯᠡᠭᠦᠯᠪᠡ᠃ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ᠂ ︽ᠵᠠᠭᠠᠯᠳᠤᠪᠠᠯ ᠵᠠᠪᠠᠯ ᠭᠦᠢᠴᠡᠳᠬᠡᠬᠦ︾ ᠪᠠ ︽ᠵᠠᠰᠠᠭ ᠤᠨ ᠣᠷᠳᠣᠨ ᠰᠢᠭᠦᠬᠦ ᠬᠤᠷᠢᠶ᠎ᠠ ᠬᠤᠯᠪᠣᠭᠠᠯᠠᠨ ᠬᠥᠳᠡᠯᠦᠯᠴᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠷᠭᠤ ᠶᠢᠨ ᠬᠡᠷᠡᠭ ᠢ ᠰᠠᠭᠠᠳ ᠦᠭᠡᠢ ᠨᠡᠪᠲᠡᠷᠡᠭᠦᠯᠵᠦ᠂ ᠭᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠵᠢᠷᠤᠮ ᠠᠴᠠ ᠪᠣᠯᠤᠭᠰᠠᠨ ᠪᠡᠯᠡ ᠮᠥᠩᠭᠦ ᠶᠢᠨ ᠡᠵᠡᠯᠡᠨ ᠬᠡᠷᠡᠭᠯᠡᠬᠦ ᠥᠪᠡᠷ ᠤᠨ ᠥᠷᠲᠡᠭ ᠢ  ᠪᠠᠭᠠᠰᠬᠠᠪᠠ᠃     ᠡᠭᠦᠨ ᠠᠴᠠ ᠭᠠᠳᠠᠨ᠎ᠠ᠂ ︽ᠠᠷᠭ᠎ᠠ ᠬᠡᠮᠵᠢᠶ᠎ᠡ︾ ᠳᠤ ᠪᠠᠰᠠ  ᠠᠷᠠᠯᠵᠢᠶᠠᠴᠢᠨ ᠤᠷᠢᠵᠤ ᠪᠠᠯᠠ ᠲᠠᠲᠠᠬᠤ ᠮᠥᠷᠳᠡᠨ ᠦᠢᠯᠡᠴᠢᠯᠡᠬᠦ ᠲᠣᠭᠲᠠᠴᠠ ᠶᠢ ᠰᠢᠯᠢᠳᠡᠭᠵᠢᠭᠦᠯᠬᠦ᠂ ᠲᠠᠩᠰᠠᠨ ᠵᠣᠭᠤᠰ ᠢ ᠢᠯᠭᠠᠷᠠᠭᠤᠯᠤᠨ ᠳᠢᠭᠯᠡᠬᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ᠂ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠢᠴᠢ ᠠᠷᠠᠳ ᠤᠨ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠳᠤᠷᠠᠳᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ