| 10 ᠳ᠋ᠤᠭᠠᠷ ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠡᠷᠭᠢᠯᠡᠭᠰᠡᠨ ᠲᠦᠷᠦᠭᠦᠤ ᠭᠤᠷᠪᠠᠨ ᠤᠯᠠᠷᠢᠯ ᠳᠠᠬᠢ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠄ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 17875.5 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠡᠢ᠃ ᠠᠵᠤ ᠦᠢᠯᠡᠰ ᠢᠶᠠᠷ | ᠢᠯᠭᠠᠨ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ | | | | | |