| | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠠᠯᠪᠠᠨ ᠬᠡᠷ ᠠᠴᠠ ᠡᠯ᠎ᠡ ᠬᠢᠯᠢ ᠶᠢᠨ ᠪᠣᠭᠤᠮᠲᠠ ᠶᠢ ᠵᠢᠭᠠᠨ ᠵᠢᠯᠤᠭᠤᠳᠴᠣ ᠪᠠᠶᠢᠭᠠᠳ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠭᠴᠠᠮᠤᠳᠤ᠂ ᠴᠡᠭᠡ ᠬᠢᠯᠢ ᠶᠢᠨ ᠪᠣᠭᠤᠮᠲᠠ ᠶᠢᠨ AGV ᠤᠨ ᠬᠢᠯᠢ ᠠᠯᠤᠰᠯᠠᠨ | ᠵᠢᠯᠣᠭᠤᠴᠢ ᠥᠬᠡᠶ ᠪᠠᠷ ᠪᠠᠶᠢᠩᠭᠤ ᠠᠵᠢᠯᠯᠠᠬᠤ ᠶᠢ ᠨᠢ ᠠᠬᠢᠭᠤᠯᠵᠤ᠂ ᠮᠠᠨᠵᠤᠤᠷ᠂ ᠡᠷᠢᠶᠡᠨ ᠬᠤᠲᠠ ᠬᠢᠯᠢ ᠶᠢᠨ ᠪᠣᠭᠤᠮᠲᠠ ᠳᠠᠬᠢ ᠪᠠᠷᠠᠭᠠᠨ ᠤ ᠲᠡᠭᠡᠭᠡᠪᠦᠷᠢ ᠶᠢᠨ | ᠨᠡᠪᠲᠡᠷᠡᠬᠦ ᠵᠠᠮ ᠤᠨ 24 ᠴᠠᠭ ᠢᠶᠠᠷ ᠬᠢᠯᠢ ᠶᠢᠨ ᠪᠣᠭᠤᠮᠲᠠ ᠪᠠᠷ ᠦᠩᠭᠡᠷᠡᠭᠦᠯᠬᠦ ᠬᠡᠪ ᠵᠠᠭᠪᠤᠷ ᠢ ᠲᠤᠷᠰᠢᠨ ᠠᠵᠢᠯᠯᠠᠭᠤᠯᠬᠤ ᠶᠢ ᠳᠡᠮᠵᠢᠵᠦ᠂ ᠭᠠᠳᠠᠭᠠᠳᠤ ᠠᠴᠠ | ᠣᠷᠣᠭᠤᠯᠬᠤ ᠨᠡᠭᠦᠷᠡᠰᠦᠨ ᠤ ᠬᠢᠯᠢ ᠶᠢᠨ ᠭᠠᠳᠠᠨᠠᠬᠢ ᠭᠤᠷᠪᠠᠳᠠᠬᠢ ᠡᠲᠡᠭᠡᠳ ᠤᠨ ᠢᠲᠡᠭᠡᠮᠵᠢ ᠶᠢ ᠣᠯᠬᠤ᠂ ᠲᠡᠮᠦᠷ ᠤᠨ ᠬᠦᠳᠡᠷ ᠢ ︽ᠤᠷᠢᠳ ᠢᠶᠠᠷ ᠦᠩᠭᠡᠷᠡᠭᠦᠯᠵᠤ | ᠳᠠᠷᠠᠭ᠎ᠠ ᠨᠢ ᠪᠠᠶᠢᠴᠠᠭᠠᠬᠤ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠦᠷᠭᠡᠨ ᠬᠡᠷᠡᠭᠴᠡᠭᠡᠨ ᠤ ᠪᠠᠷᠠᠭ᠎ᠠ ᠶᠢ ᠬᠢᠯᠢ ᠶᠢᠨ ᠪᠣᠭᠤᠮᠲᠠ ᠪᠠᠷ ᠦᠩᠭᠡᠷᠡᠭᠦᠯᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠣᠷᠣᠨ ᠤ ᠬᠢᠯᠢ ᠶᠢᠨ ᠪᠣᠭᠤᠮᠲᠠ ᠶᠢᠨ ᠪᠠᠷᠠᠭ᠎ᠠ ᠶᠢ ᠬᠢᠯᠢ ᠶᠢᠨ ᠪᠤᠭᠤᠮᠳᠠ ᠪᠠᠷ ᠦᠩᠭᠡᠷᠡᠭᠦᠯᠬᠦ ᠴᠢᠳᠠᠪᠤᠷᠢ ᠨᠢ 2021 | ᠣᠨ ᠳᠤ 1 ᠳ᠋ᠦᠩᠰᠢᠭᠤᠷ ᠲᠣᠨ ᠬᠦᠷᠬᠦ ᠥᠬᠡᠶ ᠪᠠᠶᠢᠭᠰᠠᠨ ᠢ ᠳᠡᠭᠡᠭᠰᠢᠯᠡᠭᠦᠯᠦᠭᠡᠳ ᠣᠳᠣᠬᠠᠨ ᠤ 1.5 ᠳ᠋ᠦᠩᠰᠢᠭᠤᠷ ᠲᠣᠨ ᠪᠣᠯᠭᠠᠪᠠ᠃ 10 ᠳ᠋ᠤᠭᠠᠷ ᠰᠠᠷ᠎ᠠ ᠶᠢᠨ | 26 ᠤ ᠡᠳᠦᠷ ᠪᠣᠯᠲᠠᠯ᠎ᠠ᠂ ᠪᠥᠬᠦ ᠣᠷᠣᠨ ᠤ ᠬᠢᠯᠢ ᠶᠢᠨ ᠪᠣᠭᠤᠮᠲᠠ ᠪᠠᠷ ᠪᠠᠷᠠᠭ᠎ᠠ ᠳᠡᠭᠡᠭᠡᠪᠦᠷᠢᠯᠡᠭᠰᠡᠨ ᠬᠡᠮᠵᠢᠶ᠎ᠡ ᠨᠡᠶᠢᠲᠡ 1.002 ᠳ᠋ᠦᠩᠰᠢᠭᠤᠷ ᠲᠣᠨ ᠳᠤ ᠬᠦᠷᠴᠦ᠂ | ᠲᠡᠥᠬᠡᠨ ᠰᠢᠨ᠎ᠡ ᠲᠡᠮᠳᠡᠭᠯᠡᠯ ᠢ ᠡᠭᠦᠳᠪᠡ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶ | | | | | |