| 11 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠪᠥᠬᠦ ᠬᠤᠲᠠ ᠶᠢᠨ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ 2024 ᠣᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠤᠯᠠᠨ ᠨᠡᠶᠢᠲᠡ ᠶᠢᠨ | ᠠᠮᠤᠷ ᠲᠦᠪᠰᠢᠨ ᠪᠣᠯᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠠᠩ ᠷᠦᠢ᠂ ᠬᠤᠲᠠ ᠶᠢᠨ ᠳᠡᠳ᠋ ᠳᠠᠷᠤᠭ᠎ᠠ ᠰᠦᠨ ᠬᠠᠶ | ᠲᠤᠤ᠂ ᠵᠣᠣ ᡁᠢ ᠭᠠᠩ᠂ ᠵᠠᠩ ᠭᠦᠸᠧ ᠬᠤᠸᠠ ᠬᠤᠷᠠᠯ ᠳᠤ ᠣᠷᠣᠯᠴᠠᠪᠠ᠃ | ᠯᠤᠸᠠᠨ ᠲᠢᠶᠠᠨ ᠮᠧᠩ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠠᠳᠡᠯ ᠤᠨ ᠭᠡᠮ ᠰᠣᠭᠤᠭ ᠢ | ᠦᠨᠳᠦᠰᠦᠨ ᠠᠴᠠ ᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ | ᠡᠷᠡᠰ ᠬᠤᠷᠢᠭᠯᠠᠬᠤ ᠬᠡᠷᠡᠭᠲᠡᠢ᠃ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ᠂ | ᠠᠳᠡᠯ ᠤᠨ ᠲᠦᠭᠰᠢᠭᠦᠷᠢ ᠠᠮᠠᠷᠬᠠᠨ ᠡᠭᠦᠰᠬᠦ ᠤᠯᠠᠨ ᠡᠭᠦᠰᠬᠦ ᠴᠡᠭ ᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠲᠠᠯᠠᠪᠤᠷ ᠪᠣᠯᠤᠨ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠯᠳᠠᠰᠢ ᠦᠭᠡᠢ ᠭᠠᠵᠠᠷ ᠢ ᠡᠷᠢᠨ ᠭᠠᠷᠭᠠᠵᠤ᠂ ᠴᠠᠭ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠵᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠬᠦ ᠶᠢ ᠡᠷᠡᠰ ᠪᠡᠶᠡᠯᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠰᠦᠷᠳᠡᠭᠦᠯᠦᠯ ᠢ ᠦᠨᠡᠨᠬᠦ | ᠴᠢᠩᠭᠠᠳᠬᠠᠬᠤ ᠬᠡᠷᠡᠭᠲᠡᠢ᠃ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠡᠬᠢ ᠡᠭᠦᠰᠦᠯ ᠠᠴᠠ ᠨᠢ ᠴᠢᠩᠭᠠᠳᠬᠠᠨ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠢ | ᠠᠷᠢᠯᠭᠠᠬᠤ ᠬᠡᠷᠡᠭᠲᠡᠢ᠃ ᠡᠯ᠎ᠡ ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠭᠤᠷᠪᠠ ᠶᠢ | ᠬᠠᠮᠢᠶᠠᠷᠬᠤ ᠳᠤ ᠭᠤᠷᠪᠠᠨ ᠡᠷᠬᠡᠪᠰᠢ︾ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠪᠣᠯᠤᠨ ᠪᠠᠴᠢᠮ ᠪᠠᠶᠢᠳᠠᠯ ᠢ | ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠲᠤ ᠬᠤᠷᠠᠯᠳᠤᠭᠤᠯᠪᠠ᠃ | ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠰᠢᠤᠢ ᠯᠢ ᠵᠢᠶᠦ᠋ᠨ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ | ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | |