| ᠡᠨᠡ ᠵᠢᠯ ᠤᠨ ᠡᠬᠢᠨ ᠳᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ︾ ᠶᠢ ᠨᠡᠶᠢᠲᠡᠯᠡᠵᠦ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠤᠯᠠᠭᠠᠨᠬᠠᠳᠠ ᠬᠤᠲᠠ ᠶᠢᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ﹀ ᠶᠢ ᠨᠡᠶᠢᠲᠡᠯᠡᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠲᠠ ᠶᠢᠨ ᠡᠯ᠎ᠡ | ᠬᠤᠰᠢᠭᠤ ᠰᠢᠶᠠᠨ ᠲᠣᠭᠤᠷᠢᠭ ᠨᠢ ᠬᠠᠷᠠᠭᠠᠯᠵᠠᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠵᠤ᠂ | ᠤᠯᠠᠨ ᠳᠤ ᠨᠡᠶᠢᠲᠡᠯᠡᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ | ᠱᠠᠭᠠᠷᠳᠠᠯᠭ᠎ᠠ ᠶᠣᠰᠣᠭᠠᠷ᠂ ᠬᠤᠲᠠ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠠᠭᠤᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠲᠣᠰ ᠭᠠᠵᠠᠷ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠨᠠᠰᠤᠵᠢᠯ ᠤᠨ ᠦᠢᠯᠡᠴᠢᠯᠡᠭᠡ ᠳᠤ ᠬᠤᠯᠪᠣᠭᠳᠠᠬᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠲᠦᠷᠦᠭᠦᠯᠡᠨ | ᠵᠣᠬᠢᠴᠠᠭᠤᠯᠵᠤ᠂ ︽ᠬᠠᠷᠠᠴᠢᠨ ᠬᠤᠰᠢᠭᠤᠨ ᠤ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ︾ ︵ᠲᠥᠰᠦᠯ︶ ᠶᠢ ᠲᠤᠭᠤᠷᠪᠢᠪᠠ᠃ ᠡᠳᠦᠭᠡ | ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠲᠥᠰᠦᠯ ᠳᠤ ᠳᠣᠤᠷᠠᠬᠢ ᠮᠡᠲᠦ ᠲᠣᠳᠣᠷᠬᠠᠶᠢᠯᠠᠯᠲᠠ ᠬᠢᠶ᠎ᠡ᠄ | ᠨᠢᠭᠡ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠬᠤ ᠵᠠᠷᠴᠢᠮ᠃ | 1. ᠬᠠᠭᠤᠳᠠᠰᠤ ᠶᠣᠰᠣᠭᠠᠷ ᠪᠦᠬᠦᠨ ᠢ ᠬᠤᠷᠢᠶᠠᠬᠤ ᠵᠠᠷᠴᠢᠮ᠃ ᠤᠯᠠᠭᠠᠨᠬᠠᠳᠠ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ | ᠨᠠᠷᠢᠨ ᠬᠠᠭᠤᠳᠠᠰᠤ ᠪᠣᠯ ᠪᠥᠬᠦ ᠬᠤᠲᠠ ᠳᠤ ᠬᠠᠨᠳᠤᠭᠤᠯᠤᠭᠰᠠᠨ ᠶᠤᠮ᠂ ᠲᠡᠭᠦᠨ ᠤ ᠨᠠᠷᠢᠨ ᠬᠠᠭᠤᠳᠠᠰᠤ ᠳᠤ ᠪᠠᠭᠲᠠᠭᠠᠭᠰᠠᠨ ᠠᠭᠤᠯᠭ᠎ᠠ ᠶᠣᠰᠣᠭᠠᠷ ᠪᠦᠬᠦᠨ ᠢ | ᠬᠤᠷᠢᠶᠠᠬᠤ ᠬᠡᠷᠡᠭᠲᠡᠶ᠂ ᠡᠶᠢᠮᠦ ᠠᠴᠠ ᠮᠠᠨ ᠤ ᠬᠤᠰᠢᠭᠤᠨ ᠤ ᠦᠢᠯᠡᠴᠢᠯᠡᠭᠡᠨ ᠤ ᠨᠠᠷᠢᠨ ᠬᠠᠭᠤᠳᠠᠰᠤ ᠳᠤ ᠡᠷᠬᠡᠪᠰᠢ ᠬᠤᠲᠠ ᠶᠢᠨ ᠲᠠᠰ ᠤᠨ ᠨᠠᠷᠢᠨ ᠬᠠᠭᠤᠳᠠᠰᠤ ᠶᠢᠨ | ᠪᠥᠬᠦ ᠠᠭᠤᠯᠭ᠎ᠠ ᠶᠢ ᠪᠠᠭᠲᠠᠭᠠᠬᠤ ᠬᠡᠷᠡᠭᠲᠡᠶ᠃ | 2. ᠪᠣᠳᠠᠲᠤ ᠪᠠᠶᠢᠳᠠᠯ ᠳᠤ ᠨᠡᠶᠢᠴᠡᠭᠦᠯᠬᠦ᠂ ᠭᠦᠢᠴᠡᠳ ᠴᠢᠬᠤᠯᠠ ᠪᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ᠃ ᠪᠣᠳᠠᠲᠤ ᠪᠠᠶᠢᠳᠠᠯ ᠳᠤ ᠨᠡᠶᠢᠴᠡᠬᠦ ᠪᠣᠯ | ᠳᠠᠷᠤᠶ ᠨᠠᠷᠢᠨ ᠬᠠᠭᠤᠳᠠᠰᠤ ᠶᠢᠨ ᠠᠭᠤᠯᠭ᠎ᠠ ᠨᠢ ᠣᠳᠣᠬᠠᠨ ᠤ ᠮᠠᠨ ᠤ ᠬᠤᠰᠢᠭᠤᠨ ᠤ ᠪᠦᠬᠦ ᠨᠠᠰᠤᠲᠠᠶᠢᠴᠤᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ | ᠂ ᠣᠳᠣᠬᠠᠨ ᠤ ᠣᠷᠣᠰᠢᠵᠤ ᠪᠠᠶᠢᠭ᠎ᠠ ᠨᠠᠰᠤᠵᠢᠯ ᠤᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠶᠠᠪᠤᠳᠠᠯ ᠪᠣᠯᠤᠨ᠎ᠠ᠃ | 3. ᠬᠠᠤᠯᠢ ᠲᠣᠭᠲᠠᠭᠠᠯ ᠳᠤ ᠨᠡᠶᠢᠴᠡᠬᠦ ᠵᠠᠷᠴᠢᠮ᠃ ᠨᠠᠷᠢᠨ ᠬᠠᠭᠤᠳᠠᠰᠤ ᠶᠢᠨ ᠠᠭᠤᠯᠭ᠎ᠠ ᠨᠢ ᠡᠷᠬᠡᠪᠰᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ | ᠲᠦᠷᠢᠮ ᠲᠣᠭᠲᠠᠭᠠᠯ᠂ ᠲᠦᠷᠢᠮ ᠲᠠᠢ ᠨᠡᠶᠢᠴᠡᠭᠰᠡᠨ ᠪᠠᠶᠢᠬᠤ ᠬᠡᠷᠡᠭᠲᠡᠶ᠂ ᠨᠠᠷᠢᠨ ᠬᠠᠭᠤᠳᠠᠰᠤ ᠶᠢ ᠨᠡᠶᠢᠲᠡᠯᠡᠭᠰᠡᠨ ᠶᠠᠪᠤᠳᠠᠯ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ | ᠲᠦᠷᠢᠮ ᠤᠨ ᠳᠣᠤᠷ᠎ᠠ᠂ ᠡᠯ᠎ᠡ ᠰᠠᠯᠠᠭ᠎ᠠ ᠮᠥᠴᠢᠷ ᠡᠯ᠎ᠡ ᠬᠦᠷᠢᠶᠡᠨ ᠳᠤ ᠲᠠᠷᠠᠬᠠᠶ ᠣᠷᠣᠰᠢᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶ᠎ᠠ | ᠪᠥᠬᠦᠶ ᠠᠭᠤᠯᠭ᠎ᠠ ᠶᠢ ᠡᠮᠬᠢᠯᠡᠬᠦ ᠪᠠ ᠬᠤᠷᠢᠶᠠᠩᠭᠤᠶᠢᠯᠠᠬᠤ ᠠᠴᠠ ᠪᠢᠰᠢ ᠬᠠᠮᠢᠶ᠎ᠠ ᠪᠥᠬᠦᠶ ᠦᠢᠯᠡᠴᠢᠯᠡᠭᠡᠨ ᠤ ᠲᠦᠷᠢᠮ ᠪᠠ ᠦᠢᠯᠡᠴᠢᠯᠡᠭᠡᠨ ᠤ ᠲᠠᠰ ᠳᠠᠷᠠᠭᠠᠯᠠᠯ ᠢ | ᠰᠢᠨ᠎ᠡ ᠪᠠᠷ ᠲᠣᠭᠲᠠᠭᠠᠭᠰᠠᠨ ᠶᠠᠪᠤᠳᠠᠯ ᠪᠢᠰᠢ ᠶᠤᠮ᠃ ᠡᠭᠦᠨ ᠤ ᠵᠣᠷᠢᠯᠭ᠎ᠠ ᠨᠢ ᠨᠠᠷᠢᠨ ᠬᠠᠭᠤᠳᠠᠰᠤ ᠶᠢ ᠨᠡᠶᠢᠲᠡᠯᠡᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠡᠯ᠎ᠡ | ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠣᠶᠢᠯᠠᠭᠠᠭᠤᠯᠬᠤ ᠶᠢᠨ ᠲᠥᠯᠥᠭᠡ ᠶᠤᠮ᠃ | 4. ᠣᠳᠣᠬᠢ ᠪᠠᠶᠢᠳᠠᠯ ᠳᠤ ᠰᠠᠭᠤᠷᠢᠯᠠᠵᠤ᠂ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠬᠤ ᠵᠠᠷᠴᠢᠮ᠃ ᠲᠣᠰ ᠤᠳᠠᠭᠠᠨ ᠤ ᠨᠡᠶᠢᠲᠡᠯᠡᠭᠰᠡᠨ ᠨᠠᠷᠢᠨ | ᠬᠠᠭᠤᠳᠠᠰᠤ ᠶᠢᠨ ᠠᠭᠤᠯᠭ᠎ᠠ ᠨᠢ ᠦᠨᠳᠦᠰᠦᠨ ᠳᠡᠭᠡᠨ ᠡᠯ᠎ᠡ ᠰᠠᠯᠠᠭ᠎ᠠ ᠮᠥᠴᠢᠷ ᠤᠨ ᠨᠢᠭᠡᠨᠲᠡ ᠨᠠᠶᠢᠳᠠᠪᠤᠷᠢᠵᠢᠭᠤᠯᠤᠭᠰᠠᠨ ᠠᠵᠢᠯ ᠪᠣᠯᠤᠨ᠎ᠠ᠂ ᠡᠯ᠎ᠡ ᠰᠠᠯᠠᠭ᠎ᠠ | ᠮᠥᠴᠢᠷ ᠤᠨ ᠶᠠᠭ ᠢᠳᠡᠪᠬᠢᠲᠡᠶ ᠠᠬᠢᠭᠤᠯᠵᠤ ᠪᠠᠶᠢᠭ᠎ᠠ ᠣᠬᠤᠷ ᠬᠤᠭᠤᠴᠠᠭᠠᠨ ᠳᠤ ᠥᠯᠥ ᠲᠣᠭᠲᠠᠭᠠᠵᠤ ᠪᠡᠶᠡᠯᠡᠭᠦᠯᠵᠦ ᠳᠡᠶᠢᠯᠬᠦ ᠦᠢᠯᠡᠴᠢᠯᠡᠭᠡᠨ ᠤ ᠠᠭᠤᠯᠭ᠎ᠠ ᠶᠢ | ᠣᠷᠣᠭᠤᠯᠤᠭᠰᠠᠨ ᠥᠬᠡᠶ᠃ | ᠬᠤᠶᠠᠷ᠂ ᠲᠣᠰ ᠤᠳᠠᠭᠠᠨ ᠤ ᠨᠡᠶᠢᠲᠡᠯᠡᠭᠰᠡᠨ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠦᠨᠳᠦᠰᠦᠨ ᠠᠭᠤᠯᠭ᠎ᠠ᠃ | ᠲᠣᠰ ᠤᠳᠠᠭᠠᠨ ᠤ ᠨᠡᠶᠢᠲᠡᠯᠡᠭᠰᠡᠨ ᠨᠠᠷᠢᠨ ᠬᠠᠭᠤᠳᠠᠰᠤ ᠳᠤ ᠦᠢᠯᠡᠴᠢᠯᠡᠭᠡᠨ ᠤ ᠲᠥᠷᠥᠯ ᠵᠦᠢᠯ ᠨᠡᠶᠢᠲᠡ 28 ᠪᠠᠶᠢᠵᠤ᠂ ᠬᠥᠮᠦᠨ ᠤ ᠬᠦᠴᠦᠨ ᠤ ᠡᠬᠢ ᠪᠠᠶᠠᠯᠢᠭ᠂ | ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠂ ᠬᠠᠤᠯᠢ ᠴᠠᠭᠠᠵᠠ᠂ | ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠭᠠᠶᠢᠯᠢ ᠶᠢᠨ ᠶᠠᠪᠤᠳᠠᠯ ᠵᠡᠷᠭᠡ | ᠰᠠᠯᠠᠭ᠎ᠠ ᠮᠥᠴᠢᠷ ᠲᠤ ᠬᠤᠯᠪᠤᠭᠳᠠᠪᠠ᠃ 1. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠤᠯᠪᠣᠭᠳᠠᠬᠤ | ᠲᠥᠷᠥᠯ ᠵᠦᠢᠯ 4 ᠪᠣᠶ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ᠂ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠵᠡᠷᠭᠡ 3 ᠵᠦᠢᠯ ᠤᠨ ᠠᠭᠤᠯᠭ᠎ᠠ ᠶᠢ ᠨᠢᠭᠡᠨᠲᠡ ᠣᠯᠠᠨ ᠵᠢᠯ ᠬᠡᠷᠡᠭᠵᠢᠭᠦᠯᠪᠡ᠃ 2. ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠲᠥᠷᠥᠯ ᠵᠦᠢᠯ᠂ ᠨᠠᠰᠤᠲᠠᠶᠢᠴᠤᠳ ᠤᠨ ᠴᠢᠳᠠᠪᠤᠷᠢ ᠶᠢ ᠶᠡᠷᠦᠩᠬᠡᠶᠢᠯᠡᠨ ᠦᠨᠡᠯᠡᠨ ᠵᠢᠱᠢᠬᠦ ᠲᠥᠷᠥᠯ ᠵᠦᠢᠯ᠂ ᠲᠥᠷᠥ ᠶᠢᠨ ᠪᠣᠳᠣᠯᠭ᠎ᠠ ᠶᠢᠨ | ᠦᠨᠳᠦᠰᠦᠯᠡᠯ ︽ᠤᠯᠤᠰ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ︵2021 ᠣᠨ ᠤ ᠬᠡᠪᠯᠡᠯ︶︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠡᠷᠡᠭᠵᠢᠭᠦᠯᠬᠦ ᠪᠠᠷᠢᠮᠵᠢᠶ᠎ᠠ ︽2021 ᠣᠨ ᠤ ᠬᠡᠪᠯᠡᠯ︶︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠦᠷᠢᠮ︾ ᠦᠢᠯᠡᠴᠢᠯᠡᠭᠡᠨ ᠤ ᠡᠲᠡᠭᠡᠳ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠪᠠᠶᠢᠵᠤ᠂ ᠦᠢᠯᠡᠴᠢᠯᠡᠭᠡᠨ ᠤ ᠠᠭᠤᠯᠭ᠎ᠠ ᠪᠠ ᠪᠠᠷᠢᠮᠵᠢᠶ᠎ᠠ ᠪᠣᠯ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠳᠠᠪᠤᠷᠢ ᠶᠢᠨ | ᠶᠡᠷᠦᠩᠬᠡᠶᠢᠯᠡᠭᠰᠡᠨ ᠦᠨᠡᠯᠡᠨ ᠵᠢᠱᠢᠯᠲᠡ ᠪᠣᠯᠤᠨ᠎ᠠ᠃ 3. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠤᠯᠪᠤᠭᠳᠠᠬᠤ | ᠲᠦᠷᠦᠯ ᠵᠦᠢᠯ 2 ᠪᠤᠢ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠳᠡᠮᠵᠢᠯᠭᠡ ᠶᠢᠨ ᠦᠢᠯᠡᠴᠢᠯᠡᠭᠡ ᠳᠤ ᠬᠤᠯᠪᠣᠭᠳᠠᠨ᠎ᠠ᠂ ᠲᠥᠷᠥ ᠶᠢᠨ ᠪᠣᠳᠣᠯᠭ᠎ᠠ ᠶᠢᠨ | ᠦᠨᠳᠦᠰᠦᠯᠡᠯ ᠪᠣᠯ ᠲᠥᠪ ᠲᠠᠷᠬᠠᠭᠠᠭᠰᠠᠨ ︹2021︺ 42 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠠᠶᠢᠵᠤ᠂ ᠦᠢᠯᠡᠴᠢᠯᠡᠬᠦ ᠡᠲᠡᠭᠡᠳ ᠨᠢ ᠠᠮᠢᠳᠤᠷᠠᠯ ᠢᠶᠠᠨ | ᠥᠪᠡᠷ ᠢᠶᠠᠨ ᠠᠷᠭᠠᠴᠠᠵᠤ ᠳᠡᠶᠢᠯᠬᠦ ᠥᠬᠡᠶ ᠭᠡᠵᠦ ᠮᠠᠭᠠᠳᠯᠠᠨ ᠲᠣᠭᠲᠠᠭᠠᠭᠰᠠᠨ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠮᠥᠨ᠂ ᠦᠢᠯᠡᠴᠢᠯᠡᠭᠡᠨ ᠤ | ᠠᠭᠤᠯᠭ᠎ᠠ ᠵᠢᠴᠢ ᠪᠠᠷᠢᠮᠵᠢᠶ᠎ᠠ ᠪᠣᠯ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠡᠷ ᠪᠦᠯᠢ ᠶᠢᠨ ᠪᠦᠷᠢᠯᠳᠦᠬᠦᠨ ᠤ ᠬᠠᠷᠠᠭᠠᠯᠵᠠᠨ | ᠠᠰᠠᠷᠠᠬᠤ ᠪᠣᠯᠪᠠᠰᠤᠷᠠᠭᠤᠯᠤᠯ ᠵᠡᠷᠭᠡ ᠬᠠᠮᠢᠶ᠎ᠠ ᠪᠥᠬᠦᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠪᠠᠯ᠂ ᠲᠣᠭᠲᠠᠭᠠᠯ | ᠶᠣᠰᠣᠭᠠᠷ ᠨᠥᠬᠦᠪᠥᠷᠢ ᠣᠯᠭᠤᠨ᠎ᠠ᠃ 4. ᠡᠷᠡᠭᠦᠯ ᠬᠠᠮᠠᠭᠠᠯᠠᠯ ᠡᠷᠡᠭᠦᠯ ᠮᠡᠨᠳᠦ ᠳᠤ ᠬᠤᠯᠪᠣᠭᠳᠠᠭᠰᠠᠨ ᠲᠦᠷᠦᠯ ᠵᠦᠢᠯ 3 ᠪᠠᠶᠢᠵᠤ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠣᠨᠴᠠᠭᠠᠶ ᠲᠡᠳᠬᠦᠮᠵᠢ ᠶᠢᠨ ᠮᠥᠩᠭᠦ ᠶᠢ ᠤᠷᠢᠳᠠᠪᠠᠷ ᠭᠥᠷᠳᠡᠪᠡ᠂ ᠡᠨᠡ ᠭᠤᠷᠪᠠᠨ | ᠵᠦᠢᠯ ᠢ ᠨᠢᠭᠡᠨᠲᠡ ᠣᠯᠠᠨ ᠵᠢᠯ ᠨᠠᠶᠢᠳᠠᠪᠤᠷᠢᠵᠢᠭᠤᠯᠵᠤ᠂ ᠳᠠᠬᠢᠨ ᠲᠣᠭᠠᠴᠢᠬᠤ ᠥᠬᠡᠶ᠃ 5. ᠰᠣᠶᠣᠯ ᠵᠢᠭᠤᠯᠴᠢᠯᠠᠯ ᠤᠨ ᠲᠣᠪᠴᠢᠶ᠎ᠠ ᠬᠤᠯᠪᠤᠭᠳᠠᠭᠰᠠᠨ ᠲᠦᠷᠦᠯ | ᠵᠦᠢᠯ 1 ᠪᠤᠢ᠂ ᠨᠠᠰᠤᠲᠠᠶᠢᠴᠤᠳ ᠤᠨ ᠵᠢᠭᠤᠯᠴᠢᠯᠠᠯ ᠰᠡᠯᠡᠭᠦᠴᠡᠯ ᠤᠨ ᠰᠣᠶᠣᠯ ᠤᠨ ᠠᠵᠢᠯᠯᠠᠭ᠎ᠠ ᠶᠢᠨ ᠬᠠᠷᠠᠭᠠᠯᠵᠠᠯ ᠳᠤ ᠬᠤᠯᠪᠣᠭᠳᠠᠨ᠎ᠠ᠂ ᠡᠨᠡ ᠬᠦ ᠵᠦᠢᠯ ᠢ ᠨᠢᠭᠡᠨᠲᠡ | ᠣᠯᠠᠨ ᠵᠢᠯ ᠬᠡᠷᠡᠭᠵᠢᠭᠦᠯᠪᠡ᠃ 6. ᠵᠠᠮ ᠬᠠᠷᠢᠯᠴᠠᠭᠠᠨ ᠤ ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 1 ᠪᠤᠢ᠂ ᠨᠠᠰᠤᠲᠠᠶᠢᠴᠤᠳ ᠤᠨ ᠵᠠᠮ ᠬᠠᠷᠢᠯᠴᠠᠭᠠᠨ ᠤ | ᠬᠠᠷᠠᠭᠠᠯᠵᠠᠯ ᠳᠤ ᠬᠤᠯᠪᠣᠭᠳᠠᠨ᠎ᠠ᠂ ᠡᠨᠡ ᠬᠦ ᠵᠦᠢᠯ ᠢ ᠨᠢᠭᠡᠨᠲᠡ ᠣᠯᠠᠨ ᠵᠢᠯ ᠬᠡᠷᠡᠭᠵᠢᠭᠦᠯᠪᠡ᠃ 7᠂ ᠬᠠᠤᠯᠢ ᠴᠠᠭᠠᠵᠠ ᠶᠢᠨ ᠲᠣᠪᠴᠢᠶ᠎ᠠ ᠳᠤ ᠬᠤᠯᠪᠤᠭᠳᠠᠬᠤ ᠲᠦᠷᠦᠯ | ᠵᠦᠢᠯ 2 ᠪᠤᠢ᠂ ᠬᠦᠴᠢᠷᠳᠡᠯᠲᠡᠶ ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ᠂ ᠨᠠᠰᠤᠲᠠᠶᠢᠴᠤᠳ ᠤᠨ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠳᠤ | ᠬᠤᠯᠪᠤᠭᠳᠠᠨ᠎ᠠ᠂ ᠲᠣᠰ ᠵᠦᠢᠯᠡᠰ ᠢ ᠨᠢᠭᠡᠨᠲᠡ ᠣᠯᠠᠨ ᠵᠢᠯ ᠨᠠᠶᠢᠳᠠᠪᠤᠷᠢᠵᠢᠭᠤᠯᠪᠠ᠃ 8. ᠡᠳ᠋ ᠤᠨ ᠵᠠᠰᠠᠭ ᠤᠨ ᠲᠣᠪᠴᠢᠶ᠎ᠠ ᠳᠤ ᠬᠤᠯᠪᠣᠭᠳᠠᠬᠤ ᠲᠦᠷᠦᠯ ᠵᠦᠢᠯ 1 | ᠪᠤᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠥᠬᠦᠪᠥᠷᠢ ᠶᠢ ᠨᠢᠭᠡᠨᠲᠡ ᠨᠠᠶᠢᠳᠠᠪᠤᠷᠢᠵᠢᠭᠤᠯᠪᠠ᠃ 9. ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠤᠯᠪᠣᠭᠳᠠᠬᠤ ᠲᠦᠷᠦᠯ ᠵᠦᠢᠯ 1 ᠪᠤᠢ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠲᠥᠷᠥ ᠶᠢᠨ ᠪᠣᠳᠣᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠢ ᠦᠨᠳᠦᠰᠦᠯᠡᠪᠡ᠃ 10᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ | ᠬᠤᠯᠪᠤᠭᠳᠠᠬᠤ ᠲᠦᠷᠦᠯ ᠵᠦᠢᠯ 1 ᠪᠤᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠭᠰᠡᠨ ᠡᠨᠡ ᠬᠦ | ᠵᠦᠢᠯ ᠢ ᠨᠢᠭᠡᠨᠲᠡ ᠬᠡᠷᠡᠭᠵᠢᠭᠦᠯᠪᠡ᠃ | ᠳᠡᠭᠡᠷᠡᠬᠢ 28 ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠭᠤᠯᠭ᠎ᠠ ᠳᠤ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠬᠤ ᠲᠥᠷᠥᠯ ᠵᠦᠢᠯ ᠠᠴᠠ ᠭᠠᠳᠠᠨ᠎ᠠ᠂ ᠴᠥᠮ ᠨᠢᠭᠡᠨᠲᠡ | ᠬᠡᠷᠡᠭᠵᠢᠭᠦᠯᠦᠭᠰᠡᠨ ᠪᠤᠶᠤ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠪᠠᠶᠢᠵᠤ᠂ ᠡᠳ᠋ ᠤᠨ ᠵᠠᠰᠠᠭ ᠤᠨ ᠳᠠᠷᠤᠭᠠᠰᠤ ᠶᠢ ᠨᠡᠮᠡᠭᠳᠡᠭᠦᠯᠬᠦ ᠥᠬᠡᠶ᠂ ᠰᠠᠯᠠᠭ᠎ᠠ ᠮᠥᠴᠢᠷ ᠤᠨ | ᠠᠵᠢᠯ ᠤᠨ ᠬᠡᠮᠵᠢᠶ᠎ᠡ ᠶᠢ ᠨᠡᠮᠡᠭᠳᠡᠭᠦᠯᠬᠦ ᠥᠬᠡᠶ᠃ ᠡᠶᠢᠮᠦ ᠠᠴᠠ᠂ ᠲᠣᠰ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠬᠦ ᠨᠢ | ᠬᠡᠷᠡᠭᠵᠢᠭᠦᠯᠵᠦ ᠪᠣᠯᠬᠤᠶᠢᠴᠠ ᠪᠥᠭᠡᠳ ᠪᠠᠰᠠ ᠴᠢᠬᠤᠯᠠ ᠲᠠᠢ ᠶᠤᠮ᠃ | ᠭᠤᠷᠪᠠ᠂ ᠬᠤᠯᠪᠣᠭᠳᠠᠯ ᠪᠥᠬᠦᠶ ᠵᠦᠢᠯᠡᠰ ᠤᠨ ᠲᠣᠳᠣᠷᠬᠠᠶᠢᠯᠠᠯᠲᠠ | 1. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠭᠰᠡᠨ ᠶᠠᠪᠤᠳᠠᠯ ᠪᠣᠯ ᠵᠠᠰᠠᠭ ᠤᠨ ᠣᠷᠳᠣᠨ ᠠᠴᠠ ᠪᠥᠬᠦ ᠨᠡᠶᠢᠭᠡᠮ ᠳᠤ | ᠬᠢᠭᠰᠡᠨ ᠠᠮᠠᠯᠠᠯᠲᠠ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ | ᠴᠤᠪᠤᠷᠠᠯ ᠢ ᠨᠠᠷᠢᠯᠢᠭᠵᠢᠭᠤᠯᠤᠨ ᠬᠡᠮᠵᠢᠶᠡᠵᠢᠭᠦᠯᠵᠦ᠂ ᠤᠬᠠᠭᠤᠯᠭ᠎ᠠ ᠪᠠᠨ ᠴᠢᠩᠭᠠᠳᠬᠠᠨ᠂ ᠨᠥᠬᠦᠴᠡᠯ ᠳᠤ ᠨᠡᠶᠢᠴᠡᠬᠦ ᠨᠠᠰᠤᠲᠠᠨ ᠨᠢᠭᠡᠪᠦᠷᠢ ᠳᠤ ᠦᠢᠯᠡᠴᠢᠯᠡᠭᠡ | ᠬᠦᠷᠲᠡᠭᠡᠬᠦ ᠬᠡᠷᠡᠭᠲᠡᠢ᠃ | 2. ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠨᠠᠷᠢᠨ ᠬᠠᠭᠤᠳᠠᠰᠤ ᠳᠠᠬᠢ ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠦᠭᠰᠡᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | 3. ᠨᠠᠷᠢᠨ ᠬᠠᠭᠤᠳᠠᠰᠦ ᠶᠢᠨ ᠠᠭᠤᠯᠭ᠎ᠠ ᠶᠢ ᠪᠠᠰᠠ ᠨᠠᠶᠢᠳᠠᠪᠤᠷᠢᠵᠢᠭᠤᠯᠤᠭᠠᠳᠤᠶ ᠰᠠᠯᠠᠭ᠎ᠠ ᠮᠥᠴᠢᠷ ᠰᠢᠯᠲᠠᠭᠠᠨ ᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠳᠤᠷᠠᠳᠴᠤ᠂ ᠨᠠᠶᠢᠳᠠᠪᠤᠷᠢᠵᠢᠭᠤᠯᠬᠤ ᠲᠥᠰᠦᠯ ᠲᠣᠭᠲᠠᠭᠠᠵᠤ᠂ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠶ᠃ |