| 11 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠭᠤᠤᠯ ᠬᠤᠲᠠ ᠲᠣᠭᠤᠷᠢᠭ ᠲᠤ ᠬᠤᠲᠠ ᠶᠢᠨ ᠲᠥᠯᠥᠪᠵᠢᠭᠦᠯᠭᠡ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠮᠧᠩ ᠰᠢᠶᠤᠤ ᠪᠢᠩ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠲᠠᠩ ᠢ ᠤᠷᠢᠳ ᠬᠤᠵᠢᠳ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠤᠳᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠡᠰᠡᠭ ᠰᠠᠭᠤᠭᠠᠯᠢ ᠠᠷᠠᠳ ᠤᠨ ᠲᠣᠭᠤᠷᠢᠭ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ | ᠶᠢᠨ ᠲᠠᠯᠠᠪᠠᠢ ᠳᠤ ᠬᠦᠷᠴᠦ᠂ ᠪᠦᠬᠦ ᠬᠤᠳᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠪᠣᠯᠤᠨ ᠭᠤᠣᠯ ᠬᠤᠳᠠ | ᠲᠣᠭᠤᠷᠢᠭ ᠤᠨ ᠲᠥᠯᠥᠪᠵᠢᠭᠦᠯᠭᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠣᠶᠤᠨᠴᠢ ᠬᠤᠳᠠ ᠶᠢᠨ ᠬᠠᠮᠢᠶᠠᠷᠤᠯᠲᠠ ᠶᠢᠨ ᠲᠠᠪᠴᠠᠩ ᠤᠨ ᠪᠦᠳᠦᠭᠡᠨ | ᠪᠠᠶᠢᠭᠤᠯᠤᠯᠲᠠ ᠡᠵᠡᠩᠨᠡᠯᠲᠡ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠰᠠᠷ ᠢ ᠲᠤᠰᠢᠶᠠᠨ ᠥᠭᠴᠦ ᠡᠭᠡᠭᠦᠯᠦᠨ ᠨᠡᠭᠦᠯᠭᠡᠬᠦ᠂ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ | ᠪᠠᠲᠤᠯᠠᠭᠰᠠᠨ ᠵᠡᠷᠭᠡ ᠪᠠᠶᠢᠳᠠᠯ ᠢ ᠨᠢ ᠣᠶᠢᠯᠠᠭᠠᠪᠠ᠃ ᠲᠡᠷᠡ᠂ ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠳᠠ ᠨᠢ ᠠᠷᠠᠳ | ᠲᠦᠮᠡᠨ ᠤ ᠪᠠᠨ ᠲᠥᠯᠥᠭᠡ ᠪᠠᠶᠢᠬᠤ ᠶᠢ ᠪᠠᠷᠢᠮᠲᠠᠯᠠᠵᠤ᠂ ᠬᠤᠳᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠲᠠᠨᠢᠨ ᠡᠵᠡᠮᠳᠡᠵᠦ᠂ ᠬᠤᠳᠠ ᠶᠢᠨ | ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠠᠳᠬᠤᠵᠤ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠥᠨᠳᠥᠷ ᠪᠠᠷᠢᠮᠵᠢᠶ᠎ᠠ᠂ ᠥᠨᠳᠥᠷ | ᠭᠠᠷᠲᠠᠴᠠ ᠲᠠᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠯᠤᠰ ᠬᠡᠳᠦ ᠳᠤ ᠰᠠᠭᠤᠷᠢᠯᠠᠵᠤ᠂ ᠣᠳᠣᠬᠠᠨ ᠤ | ᠪᠠᠶᠢᠳᠠᠯ ᠢ ᠬᠠᠮᠲᠤ ᠳᠤᠨᠢ ᠬᠠᠷᠠᠭᠠᠯᠵᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠬᠡᠷᠡᠭᠵᠢᠭᠦᠯᠵᠦ᠂ | ᠬᠡᠷᠡᠭᠵᠢᠭᠦᠯᠬᠦ ᠬᠠᠳᠠᠨ ᠴᠢᠨᠠᠷ ᠢ ᠴᠢᠩᠭᠠᠳᠬᠠᠵᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠶᠢᠨ ᠵᠣᠬᠢᠴᠠᠩᠭᠤᠢ ᠡᠮᠬᠢ ᠵᠢᠷᠤᠮ ᠲᠠᠢ | ᠬᠥᠭᠵᠢᠯᠲᠡ ᠶᠢ ᠠᠬᠢᠭᠤᠯᠵᠤ᠂ ᠲᠡᠷᠢᠭᠦᠨ ᠤ ᠬᠤᠳᠠ ᠶᠢ ᠪᠠᠶᠢᠭᠤᠯᠬᠤ ᠬᠡᠷᠡᠭᠲᠡᠢ᠃ ᠬᠤᠲᠠ ᠶᠢᠨ ᠴᠢᠳᠠᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠵᠠᠮ᠂ | ᠲᠡᠷᠭᠡ ᠵᠣᠭᠰᠣᠭᠠᠬᠤ᠂ ᠤᠰᠤ ᠲᠠᠲᠠᠷᠠᠭᠤᠯᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ | ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠪᠡᠶ᠎ᠡ ᠶᠢᠨ ᠲᠠᠮᠢᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠥᠷᠢᠳᠦᠭᠦᠯᠬᠦ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠬᠤᠲᠠ ᠶᠢᠨ ᠴᠢᠳᠠᠮᠵᠢ ᠶᠢᠨ ᠶᠠᠰᠤ ᠴᠢᠨᠠᠷ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠬᠤᠸᠠᠷ ᠰᠢᠪᠡᠬᠦ︾ ᠡᠷᠳᠡᠮ ᠭᠠᠷᠭᠠᠵᠤ᠂ ᠵᠢᠵᠢᠭ ᠰᠠᠵᠢᠭ ᠭᠠᠵᠠᠷ ᠠᠴᠠ ᠭᠠᠷᠳᠠᠵᠤ᠂ ᠣᠶᠤᠨᠴᠢ | ᠴᠢᠳᠠᠪᠤᠷᠢ ᠣᠯᠭᠤᠬᠤ ᠶᠢ ᠴᠢᠩᠭᠠᠳᠬᠠᠵᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠳᠠᠯ | ᠠᠬᠤᠢ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠲᠡᠷᠭᠡ ᠵᠣᠭᠰᠣᠭᠠᠬᠤ ᠳᠤ ᠬᠦᠴᠢᠷ ᠠᠰᠠᠭᠤᠳᠠᠯ ᠢ ᠰᠠᠶᠢᠵᠢᠷᠠᠭᠤᠯᠵᠤ᠂ ᠨᠠᠩ ᠴᠡᠪᠡᠷ ᠲᠡᠭᠰᠢ ᠡᠮᠬᠢ ᠵᠢᠷᠤᠮ ᠲᠠᠢ᠂ ᠣᠷᠣᠰᠢᠨ ᠰᠠᠭᠤᠬᠤ ᠳᠤ | ᠲᠣᠬᠢᠷᠠᠮᠵᠢᠲᠠᠢ ᠬᠤᠲᠠ ᠶᠢᠨ ᠣᠷᠴᠢᠨ ᠲᠣᠭᠤᠷᠢᠨ ᠢ ᠡᠭᠦᠳᠬᠦ ᠬᠡᠷᠡᠭᠲᠡᠢ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ | ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠰᠤᠯᠠ ᠣᠷᠣᠨ ᠵᠠᠢ ᠶᠢ ᠭᠦᠢᠴᠡᠳ ᠠᠰᠢᠭᠯᠠᠵᠤ᠂ ᠬᠠᠲᠠᠭᠤ ᠲᠣᠨᠤᠭ ᠢ ᠥᠭᠡᠷᠡᠴᠢᠯᠡᠨ ᠰᠠᠶᠢᠵᠢᠷᠠᠭᠤᠯᠬᠤ ᠪᠠ | ᠵᠥᠭᠡᠯᠡᠨ ᠲᠣᠨᠤᠭ ᠢ ᠲᠡᠰ ᠳᠡᠪᠰᠢᠭᠦᠯᠬᠦ ᠶᠢ ᠠᠬᠢᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠢᠨ᠎ᠡ ᠰᠡᠳᠬᠢᠴᠡ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠤᠯᠠᠨ ᠲᠠᠯ᠎ᠠ ᠪᠠᠷ | ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠠᠰᠤᠷᠬᠠᠢ ᠵᠠᠮ᠂ ︽ᠡᠭᠡᠭᠦᠯᠦᠨ | ᠨᠡᠭᠦᠯᠭᠡᠬᠦ ᠳᠤ ᠬᠦᠴᠢᠷ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠰᠠᠷ ᠲᠤᠰᠢᠶᠠᠬᠤ ᠵᠡᠷᠭᠡ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠵᠣᠯ | ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |