ᠬᠠᠷᠠᠴᠢᠨ ᠬᠤᠰᠢᠭᠤ ᠄ ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠭᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠷᠭ᠎ᠠ ᠶᠢᠨ ᠲᠠᠢᠯᠪᠤᠷᠢᠯᠠᠯᠲᠠ
ᠨᠡᠶᠢᠲᠡᠯᠡᠭᠰᠡᠨ ᠴᠠᠭ᠄
2024/11/27
   ᠨᠢᠭᠡ᠂ ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ ᠶᠢᠨ ᠵᠣᠷᠢᠯᠭ᠎ᠠ ᠨᠢ ᠶᠠᠭᠤ ᠪᠣᠶ︖   ᠮᠠᠨ ᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠲᠠᠰ ᠳᠠᠷᠠᠭᠠᠯᠠᠯ ᠢ ᠵᠢᠷᠤᠮᠵᠢᠭᠤᠯᠤᠨ᠂ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃   ᠬᠤᠶᠠᠷ᠂ ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ ᠶᠢᠨ ᠬᠠᠷᠠᠯᠲᠠ ᠡᠭᠦᠷᠭᠡ ᠨᠢ ᠶᠠᠭᠤ ᠪᠣᠶ︖   ︽ᠵᠠᠰᠠᠭ ᠤᠨ ᠣᠷᠳᠣᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠬᠠᠮᠵᠢᠯᠴᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠭᠠᠶᠢᠯᠢ ᠶᠢᠨ ᠶᠠᠪᠤᠳᠠᠯ ᠲᠠᠲᠠᠪᠤᠷᠢᠯᠠᠬᠤ︾ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠲᠣᠭᠲᠠᠴᠠ ᠶᠣᠰᠣᠭᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ︵ᠳᠣᠷᠣᠭᠰᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠭᠡᠵᠦ ᠲᠣᠪᠴᠢᠯᠠᠨ᠎ᠠ︶ ᠤᠨ ᠲᠠᠲᠠᠪᠤᠷᠢᠯᠠᠨ ᠲᠤᠰᠢᠶᠠᠬᠤ ᠲᠤᠬᠠᠶᠢᠯᠠᠭᠰᠠᠨ ᠠᠵᠢᠯ ᠢ ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠠᠷᠠᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠳᠣᠷᠣᠭᠰᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠡᠵᠦ ᠲᠣᠪᠴᠢᠯᠠᠨ᠎ᠠ︶᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︵ᠳᠣᠷᠣᠭᠰᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠵᠢᠴᠢ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ ᠠᠴᠠ ᠬᠠᠮᠲᠤᠪᠠᠷ ᠬᠠᠷᠢᠭᠤᠴᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠮᠵᠢᠯᠴᠠᠨ ᠪᠡᠶᠡᠯᠡᠭᠦᠯᠦᠨ᠎ᠡ᠃   ᠭᠤᠷᠪᠠ᠂ ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ ᠶᠢᠨ ᠭᠤᠤᠯ ᠠᠭᠤᠯᠭ᠎ᠠ ᠨᠢ ᠶᠠᠭᠤ ᠪᠣᠶ︖   ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ   ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄   ᠬᠠᠷᠠᠴᠢᠨ ᠵᠠᠰᠠᠭ ᠲᠠᠷᠬᠠᠭᠠᠭᠰᠠᠨ ︹2022︺ 60 ᠳ᠋ᠤᠭᠠᠷ ᠲᠣᠭᠠᠲᠤ   ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠬᠤ ᠠᠷᠭ᠎ᠠ   ᠨᠢᠭᠡᠳᠦᠭᠡᠷ ᠪᠦᠯᠦᠭ   ᠶᠡᠷᠦᠩᠬᠡᠢ ᠳᠦᠷᠢᠮ   ᠨᠢᠭᠡᠳᠦᠭᠡᠷ ᠵᠦᠢᠯ      ᠮᠠᠨ ᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠲᠠᠰ ᠳᠠᠷᠠᠭᠠᠯᠠᠯ ᠢ ᠵᠢᠷᠤᠮᠵᠢᠭᠤᠯᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠨ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃   ᠬᠤᠶᠠᠳᠤᠭᠠᠷ ᠵᠦᠢᠯ      ︽ᠵᠠᠰᠠᠭ ᠤᠨ ᠣᠷᠳᠣᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠬᠠᠮᠵᠢᠯᠴᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠭᠠᠶᠢᠯᠢ ᠶᠢᠨ ᠶᠠᠪᠤᠳᠠᠯ ᠲᠠᠲᠠᠪᠤᠷᠢᠯᠠᠬᠤ︾ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠲᠣᠭᠲᠠᠴᠠ ᠶᠣᠰᠣᠭᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ︵ᠳᠣᠷᠣᠭᠰᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠭᠡᠵᠦ ᠲᠣᠪᠴᠢᠯᠠᠨ᠎ᠠ︶ ᠤᠨ ᠲᠠᠲᠠᠪᠤᠷᠢᠯᠠᠨ ᠲᠤᠰᠢᠶᠠᠬᠤ ᠲᠤᠬᠠᠶᠢᠯᠠᠭᠰᠠᠨ ᠠᠵᠢᠯ ᠢ ᠬᠤᠰᠢᠭᠤᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠠᠷᠠᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠳᠣᠷᠣᠭᠰᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠡᠵᠦ ᠲᠣᠪᠴᠢᠯᠠᠨ᠎ᠠ︶᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︵ᠳᠣᠷᠣᠭᠰᠢ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠵᠢᠴᠢ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ ᠠᠴᠠ ᠬᠠᠮᠲᠤᠪᠠᠷ ᠬᠠᠷᠢᠭᠤᠴᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠮᠵᠢᠯᠴᠠᠨ ᠪᠡᠶᠡᠯᠡᠭᠦᠯᠦᠨ᠎ᠡ᠃   ᠬᠤᠶᠠᠳᠤᠭᠠᠷ ᠪᠦᠯᠦᠭ   ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ   ᠭᠤᠷᠪᠠᠳᠤᠭᠠᠷ ᠵᠦᠢᠯ      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠰ ᠰᠠᠯᠠᠭ᠎ᠠ ᠮᠥᠴᠢᠷ ᠤᠨ ᠢᠶᠠᠨ ᠬᠠᠷᠢᠭᠤᠴᠠᠯᠭ᠎ᠠ ᠶᠢ ᠡᠷᠡᠰ ᠭᠦᠢᠴᠡᠳᠬᠡᠨ᠎ᠡ᠃   ᠭᠤᠷᠪᠠᠳᠤᠭᠠᠷ ᠪᠦᠯᠦᠭ   ᠳᠠᠭᠠᠳᠬᠠᠯ ᠤᠨ ᠵᠠᠷᠤᠳᠠᠯ ᠲᠠᠲᠠᠪᠤᠷᠢᠯᠠᠨ ᠲᠤᠰᠢᠶᠠᠬᠤ   ᠳᠥᠷᠪᠡᠳᠦᠭᠡᠷ ᠵᠦᠢᠯ      ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠨ ᠲᠤᠰᠢᠶᠠᠬᠤ ᠬᠡᠪᠴᠢᠶ᠎ᠡ᠂ ᠡᠲᠡᠭᠡᠳ᠂ ᠰᠦᠢᠳᠬᠡᠯ ᠲᠤᠰᠢᠶᠠᠬᠤ ᠲᠤᠭ᠎ᠠ ᠬᠡᠮᠵᠢᠶ᠎ᠡ ᠶᠢᠨ ᠪᠠᠷᠢᠮᠵᠢᠶ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠶᠣᠰᠣᠭᠠᠷ ᠬᠡᠷᠡᠭᠵᠢᠭᠦᠯᠵᠦ᠂ ᠶᠠᠮᠠᠷᠪᠠ ᠨᠢᠭᠡᠴᠡ ᠪᠣᠯᠤᠨ ᠬᠤᠪᠢ ᠬᠦᠮᠦᠨ ᠴᠦᠮ ᠰᠦᠢᠳᠬᠡᠯ ᠲᠤᠰᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠥᠭᠡᠷᠡᠴᠢᠯᠡᠵᠦ ᠪᠣᠯᠬᠤ ᠦᠭᠡᠶ᠃ ᠳᠠᠭᠠᠳᠬᠠᠯ ᠳᠤ ᠣᠷᠣᠯᠴᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠥᠮᠦᠰ ᠴᠥᠮ ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃   ᠲᠠᠪᠤᠳᠤᠭᠠᠷ ᠵᠦᠢᠯ      ᠲᠣᠰᠬᠤᠨ ᠤ ᠵᠥᠪᠯᠡᠯ ︵ᠨᠡᠶᠢᠭᠡᠮ ᠲᠣᠭᠤᠷᠢᠭ︶᠂ ᠰᠤᠷᠭᠠᠭᠤᠯᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠤᠬᠠᠭᠤᠯᠤᠨ ᠳᠠᠶᠢᠴᠢᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠰᠤᠷᠭᠠᠭᠤᠯᠢ ᠳᠤ ᠪᠠᠶᠢᠭ᠎ᠠ ᠰᠤᠷᠤᠭᠴᠢ ︵ᠴᠡᠴᠡᠷᠯᠢᠭ ᠲᠤ ᠪᠠᠶᠢᠭ᠎ᠠ ᠬᠡᠦᠬᠡᠳ︶ ᠢ ᠵᠢᠯᠣᠭᠤᠳᠤᠨ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠰᠦᠢᠳᠬᠡᠯ ᠲᠤᠰᠢᠶᠠᠬᠤ ᠶᠢᠨ ᠬᠠᠮᠲᠤ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠶᠢ ᠰᠠᠶᠢᠲᠤᠷ ᠬᠠᠳᠠᠭᠠᠯᠠᠬᠤ ᠬᠡᠷᠡᠭᠲᠡᠶ᠃   ᠵᠢᠷᠭᠤᠳᠤᠭᠠᠷ ᠵᠦᠢᠯ      ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ︶᠂ ᠰᠤᠷᠭᠠᠭᠤᠯᠢ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠲᠤᠰᠢᠶᠠᠬᠤ ᠳᠠᠭᠠᠨ᠂ ᠬᠥᠮᠦᠰ ᠤᠨ ᠮᠡᠳᠡᠭᠡ ᠵᠠᠩᠭᠢ ᠶᠢᠨ ᠲᠤᠭ᠎ᠠ ᠪᠦᠷᠢᠳᠬᠡᠯ ᠢ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠨ ᠦᠭᠡᠶ ᠬᠥᠮᠦᠰ ᠤᠨ ᠰᠢᠯᠲᠠᠭᠠᠨ ᠢ ᠨᠢ ᠴᠤᠭᠯᠠᠭᠤᠯᠤᠨ᠂ ᠳᠠᠭᠠᠳᠬᠠᠯ ᠳᠤ ᠣᠷᠣᠯᠴᠠᠬᠤ ᠶᠢ ᠲᠡᠪᠴᠢᠭᠰᠡᠨ ᠠᠮᠠᠯᠠᠯᠲᠠ ᠶᠢᠨ ᠪᠢᠴᠢᠭ ᠭᠠᠷᠭᠠᠬᠤ ᠶᠢ ᠱᠠᠭᠠᠷᠳᠠᠵᠤ᠂ ᠲᠥᠷᠥᠯ ᠬᠤᠪᠢᠶᠠᠨ ᠳᠠᠩᠰᠠᠯᠠᠬᠤ᠂ ᠰᠢᠯᠲᠠᠭᠠᠨ ᠢ ᠨᠢ ᠪᠦᠷᠢᠳᠬᠡᠨ ᠵᠠᠳᠠᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ᠳᠥᠷᠪᠡᠳᠦᠭᠡᠷ ᠪᠦᠯᠦᠭ   ᠰᠦᠢᠳᠬᠡᠯ ᠲᠤᠰᠢᠶᠠᠬᠤ ᠠᠷᠭ᠎ᠠ ᠮᠠᠶ᠋ᠢᠭ   ᠳᠣᠯᠣᠳᠤᠭᠠᠷ ᠵᠦᠢᠯ      ᠵᠠᠷᠴᠢᠮ ᠳᠡᠭᠡᠷ᠎ᠡ ᠪᠠᠨ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠᠷ ᠭᠤᠤᠯ ᠪᠣᠯᠭᠠᠵᠤ᠂ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ ᠪᠠᠷ ᠬᠠᠪᠰᠤᠷᠤᠮᠵᠢ ᠪᠣᠯᠭᠠᠵᠤ᠂ ᠰᠠᠭᠤᠭᠠᠯᠢ  ᠠᠷᠠᠳ ᠦᠪᠡᠰᠦᠪᠡᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠢᠶᠠᠨ ᠰᠣᠩᠭᠤᠵᠤ ᠪᠣᠯᠤᠨ᠎ᠠ᠃   ᠨᠠᠢᠮᠠᠳᠤᠭᠠᠷ ᠵᠦᠢᠯ      ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠷᠭ᠎ᠠ ᠬᠡᠯᠪᠡᠷᠢ᠄ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠵᠢᠵᠢᠭ ᠫᠷᠤᠭ᠍ᠷᠠᠮ᠂ ᠸᠢᠴᠠᠲ ᠤᠨ ︽ᠬᠤᠲᠠ ᠶᠢᠨ ᠦᠢᠯᠡᠴᠢᠯᠡᠭᠡ︾ ᠶᠢᠨ ᠬᠡᠷᠡᠭ ᠡᠷᠭᠢᠯᠡᠬᠦ ᠲᠢᠩᠬᠢᠮ᠂ ᡁᠢ ᠹᠦ᠋ ᠪᠤᠤ ᠶᠢᠨ ︽ᠬᠤᠲᠠ ᠶᠢᠨ ᠠᠷᠠᠳ ᠤᠨ ᠲᠥᠪ︾᠂ ︽ᠮᠦᠩᠭᠡ ᠰᠤᠪᠠᠭ︾ ᠤᠨ ᠭᠠᠷ ᠤᠲᠠᠰᠤᠨ ᠤ ᠬᠡᠷᠡᠭᠯᠡᠭᠴᠢ ᠶᠢᠨ ᠲᠠᠪᠴᠠᠩ ᠢᠶᠠᠷ ᠰᠦᠢᠳᠬᠡᠯ ᠲᠤᠰᠢᠶᠠᠵᠤ ᠪᠣᠯᠤᠨ᠎ᠠ᠃ ᠭᠠᠷ ᠤᠲᠠᠰᠤ ᠪᠠᠷ ᠰᠦᠢᠳᠬᠡᠯ ᠲᠤᠰᠢᠶᠠᠭᠠᠳ 2 - 3 ᠠᠵᠢᠯᠯᠠᠬᠤ ᠡᠳᠦᠷ ᠤᠨ ᠳᠠᠷᠠᠭ᠎ᠠ ᠸᠢᠴᠠᠲ ᠤᠨ ᠰᠦᠢᠳᠬᠡᠯ ᠲᠤᠰᠢᠶᠠᠬᠤ ᠲᠠᠪᠴᠠᠩ ᠠᠴᠠ ᠪᠠᠶᠢᠴᠠᠭᠠᠨ ᠯᠠᠪᠯᠠᠬᠤ ᠪᠤᠶᠤ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠶᠢ ᠪᠠᠭᠤᠯᠭᠠᠵᠤ ᠪᠣᠯᠤᠨ᠎ᠠ᠃   ᠶᠢᠰᠦᠳᠦᠭᠡᠷ ᠵᠦᠢᠯ     ᠰᠦᠯᠵᠢᠶᠡᠨ ᠭᠠᠳᠠᠨ᠎ᠠ ᠰᠦᠢᠳᠭᠡᠯ ᠲᠤᠰᠢᠶᠠᠬᠤ ᠠᠷᠭ᠎ᠠ ᠮᠠᠶ᠋ᠢᠭ᠄ ᠭᠠᠶᠢᠯᠢ ᠶᠢᠨ ᠶᠠᠪᠤᠳᠠᠯ ᠤᠨ ᠪᠣᠳᠠᠲᠤ ᠴᠣᠭᠴᠠ ᠶᠢᠨ ᠶᠡᠭᠡ ᠲᠢᠩᠬᠢᠮ ᠤᠨ ᠴᠤᠩᠬᠤ ᠪᠠᠷ ᠰᠦᠢᠳᠭᠡᠯ ᠲᠤᠰᠢᠶᠠᠨ᠎ᠠ︔ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠲᠤ POS ᠺᠠᠷᠲ ᠢᠶᠠᠷ ᠰᠦᠢᠳᠭᠡᠯ ᠲᠤᠰᠢᠶᠠᠬᠤ ᠶᠢ ᠬᠡᠷᠡᠭᠯᠡᠨ᠎ᠡ᠃ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠭᠰᠠᠨ ᠤ ᠳᠠᠷᠠᠭ᠎ᠠ ᠭᠠᠶᠢᠯᠢ ᠶᠢᠨ ᠶᠠᠪᠤᠳᠠᠯ ᠤᠨ ᠭᠠᠷᠳᠠᠨ ᠭᠦᠢᠴᠡᠳᠬᠡᠬᠦ ᠲᠠᠪᠴᠠᠩ ᠳᠤ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠶᠢ ᠪᠠᠶᠢᠴᠠᠭᠠᠨ ᠯᠠᠪᠯᠠᠬᠤ ᠶᠢᠨ ᠬᠠᠮᠲᠤ ᠳᠠᠷᠤᠮᠠᠯᠯᠠᠵᠤ ᠪᠣᠯᠤᠨ᠎ᠠ᠃   ᠠᠷᠪᠠᠳᠤᠭᠠᠷ ᠵᠦᠢᠯ      ᠰᠤᠷᠭᠠᠭᠤᠯᠢ ᠳᠤ ᠪᠠᠶᠢᠭ᠎ᠠ ᠪᠤᠶ ᠪᠦᠬᠦᠢ ᠰᠤᠷᠤᠭᠴᠢ᠂ ᠴᠡᠴᠡᠷᠯᠢᠭ ᠲᠤ ᠪᠠᠶᠢᠭ᠎ᠠ ᠬᠡᠦᠬᠡᠳ᠂ ᠰᠤᠷᠭᠠᠭᠤᠯᠢ᠂ ᠬᠡᠦᠬᠡᠳ ᠤᠨ ᠴᠡᠴᠡᠷᠯᠢᠭ ᠢᠶᠠᠷ ᠨᠢᠭᠡᠴᠢ ᠪᠣᠯᠭᠠᠨ ᠪᠠᠶᠢᠭᠤᠯᠤᠮᠵᠢ ᠶᠢᠨ ᠳᠦᠷᠢᠮᠲᠦ ᠳᠠᠭᠠᠳᠬᠠᠯ ᠳᠤ ᠣᠷᠣᠯᠴᠠᠵᠤ᠂ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠨᠢᠭᠡᠳᠦᠯᠲᠡᠶ ᠡᠷᠬᠢᠯᠡᠨ᠎ᠡ᠃ᠲᠠᠪᠤᠳᠤᠭᠠᠷ ᠪᠦᠯᠦᠭ   ᠳᠠᠩᠰᠠᠨ ᠳᠤ ᠤᠷᠤᠬᠤ ᠪᠠ ᠪᠦᠷᠢᠳᠬᠡᠯ   ᠠᠷᠪᠠᠨ ᠨᠢᠭᠡᠳᠦᠭᠡᠷ ᠵᠦᠢᠯ      ᠳᠠᠭᠠᠳᠬᠠᠯ ᠳᠤ ᠣᠷᠣᠯᠴᠠᠭᠰᠠᠳ ᠭᠠᠶᠢᠯᠢ ᠶᠢᠨ ᠪᠠᠷᠢᠮᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠠᠶᠢᠭᠠᠳ ᠨᠢᠭᠡᠨᠲᠡ ᠰᠦᠢᠳᠬᠡᠯ ᠲᠤᠰᠢᠶᠠᠭᠰᠠᠨ ᠢ ᠭᠡᠷᠡᠴᠢᠯᠡᠵᠦ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠳᠠᠬᠢ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠨᠢ ᠰᠦᠢᠳᠬᠡᠯ ᠲᠤᠰᠢᠶᠠᠵᠤ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ ᠰᠦᠢᠳᠬᠡᠯ ᠲᠤᠰᠢᠶᠠᠵᠤ ᠳᠠᠩᠰᠠ ᠳᠤ ᠣᠷᠣᠭᠤᠯᠬᠤ ᠬᠡᠷᠡᠭᠲᠡᠶ᠃   ᠠᠷᠪᠠᠨ ᠬᠤᠶᠠᠳᠤᠭᠠᠷ ᠵᠦᠢᠯ      ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠮᠡᠳᠡᠭᠡ ᠵᠠᠩᠭᠢ ᠶᠢᠨ ᠲᠠᠰᠤᠭ ᠤᠨ ᠠᠵᠢᠯᠲᠠᠳ ᠡᠳᠦᠷ ᠪᠦᠷᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠦᠷᠴᠦ ᠡᠮᠦᠨᠡᠬᠢ ᠨᠢᠭᠡ ᠡᠳᠦᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠥᠮᠥᠷᠭᠡ ᠶᠢᠨ ᠨᠠᠷᠢᠨ ᠬᠦᠰᠦᠨᠤᠭ᠍ᠲᠦ ᠶᠢ ᠭᠠᠷᠭᠠᠨ ᠠᠪᠴᠤ᠂ ᠰᠦᠢᠳᠬᠡᠯ ᠲᠤᠰᠢᠶᠠᠬᠤ ᠠᠬᠢᠴᠠ ᠶᠢ ᠪᠠᠶᠢᠴᠠᠭᠠᠨ ᠦᠵᠡᠵᠦ ᠪᠤᠯᠤᠨ᠎ᠠ᠃    ᠵᠢᠷᠭᠤᠳᠤᠭᠠᠷ ᠪᠦᠯᠦᠭ    ᠬᠢᠨᠠᠯᠲᠠ ᠬᠠᠮᠢᠶᠠᠷᠤᠯᠲᠠ   ᠠᠷᠪᠠᠨ ᠭᠤᠷᠪᠠᠳᠤᠭᠠᠷ ᠵᠦᠢᠯ      ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠵᠤ᠂ ᠬᠠᠮᠲᠤᠷᠠᠭᠰᠠᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠠᠲᠠᠪᠤᠷᠢᠯᠠᠨ ᠲᠤᠰᠢᠶᠠᠬᠤ ᠠᠬᠢᠴᠠ ᠪᠠ ᠳ᠋ᠠᠶᠢᠲ᠋ᠠ ᠶᠢᠨ ᠮᠡᠳᠡᠭᠡ ᠵᠠᠩᠭᠢ ᠶᠢ ᠵᠠᠷᠯᠠᠨ ᠮᠡᠳᠡᠭᠳᠡᠵᠦ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠮᠡᠳᠡᠭᠡ ᠵᠠᠩᠭᠢ ᠨᠢᠭᠡᠳᠦᠯᠲᠡᠶ᠂ ᠲᠤᠭ᠎ᠠ ᠪᠠᠷᠢᠮᠲᠠ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠨ᠎ᠠ᠃   ᠠᠷᠪᠠᠨ ᠳᠥᠷᠪᠡᠳᠦᠭᠡᠷ ᠵᠦᠢᠯ      ᠡᠯ᠎ᠡ ᠰᠠᠯᠠᠭ᠎ᠠ ᠮᠥᠴᠢᠷ ᠨᠢ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠯᠭᠠᠬᠤ ᠳᠤ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠵᠤ᠂ ᠲᠤᠰ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠣᠷᠣᠨ ᠳᠤ ᠲᠤᠰᠬᠠᠶ ᠵᠦᠢᠯ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ ᠬᠠᠮᠲᠤᠷᠠᠭᠰᠠᠨ ᠬᠤᠷᠠᠯ ᠤᠨ ᠠᠮᠤᠷ ᠲᠦᠪᠰᠢᠨ ᠢᠶᠠᠷ ᠵᠢᠭᠰᠠᠭᠠᠬᠤ ᠪᠠᠷ ᠳᠠᠮᠵᠢᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠦᠴᠦᠨ ᠢᠶᠠᠨ ᠲᠥᠪᠯᠡᠷᠡᠭᠦᠯᠦᠨ ᠬᠠᠮᠲᠤᠷᠠᠭᠰᠠᠨ ᠪᠠᠶᠢᠴᠠᠭᠠᠯᠲᠠ ᠬᠢᠵᠦ ᠪᠣᠯᠤᠨ᠎ᠠ᠃ ᠬᠢᠨᠠᠯᠲᠠ ᠲᠠᠯᠪᠢᠵᠤ ᠪᠠᠶᠢᠴᠠᠭᠠᠬᠤ ᠳᠤ ᠢᠯᠡᠷᠡᠭᠦᠯᠦᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ᠳᠣᠯᠣᠳᠤᠭᠠᠷ ᠪᠦᠯᠦᠭ   ᠬᠠᠮᠢᠶ᠎ᠠ ᠪᠦᠬᠦᠢ ᠬᠠᠷᠢᠭᠤᠴᠠᠯᠭ᠎ᠠ   ᠠᠷᠪᠠᠨ ᠲᠠᠪᠤᠳᠤᠭᠠᠷ ᠵᠦᠢᠯ     ᠳᠠᠭᠠᠳᠬᠠᠯ ᠳᠤ ᠣᠷᠣᠯᠴᠠᠭᠰᠠᠳ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ ᠶᠢ ᠰᠣᠩᠭᠤᠨ᠎ᠠ᠂ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠱᠠᠭᠠᠷᠳᠠᠯᠭ᠎ᠠ ᠶᠣᠰᠣᠭᠠᠷ POS ᠮᠠᠰᠢᠨ ᠤ ᠺᠠᠷᠲ ᠢᠶᠠᠷ ᠰᠦᠢᠳᠭᠡᠯ ᠲᠤᠰᠢᠶᠠᠬᠤ ᠶᠢ ᠴᠠᠭ ᠲᠤᠬᠠᠶ ᠳᠤᠨᠢ ᠬᠢᠭᠰᠡᠨ ᠦᠭᠡᠢ ᠪᠣᠯ ᠳᠠᠭᠠᠳᠬᠠᠯ ᠳᠤ ᠣᠷᠣᠯᠴᠠᠭᠴᠢ ᠶᠢᠨ ᠬᠠᠷᠠᠭᠠᠯᠵᠠᠯ ᠪᠠ ᠲᠠᠩᠰᠠ ᠲᠠᠶᠢᠯᠬᠤ ᠶᠢ ᠨᠥᠯᠥᠭᠡᠯᠡᠭᠰᠡᠨ ᠪᠠᠶᠢᠪᠠᠯ᠂ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠬᠠᠷᠢᠭᠤᠴᠠᠨ᠎ᠠ᠃   ᠠᠷᠪᠠᠨ ᠵᠢᠷᠭᠤᠳᠤᠭᠠᠷ ᠵᠦᠢᠯ      ᠭᠠᠴᠠᠭᠠᠨ ᠤ ᠠᠷᠠᠳ ᠤᠨ ᠵᠥᠪᠯᠡᠯ ︵ᠨᠡᠢᠭᠡᠮ ᠲᠣᠭᠤᠷᠢᠭ︶ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢᠶᠠᠨ ᠭᠠᠢᠯᠢ ᠶᠢᠨ ᠶᠠᠪᠤᠳᠠᠯ ᠤᠨ ᠲᠣᠪᠴᠢᠶᠠᠨ ᠳᠤ ᠲᠤᠰᠢᠶᠠᠭᠰᠠᠨ ᠤ ᠳᠠᠷᠠᠭ᠎ᠠ᠂ ᠭᠠᠢᠯᠢ ᠶᠢᠨ ᠶᠠᠪᠤᠳᠠᠯ ᠤᠨ ᠲᠣᠪᠴᠢᠶᠠᠨ ᠤ ᠰᠢᠰᠲ᠋ᠧᠮ ᠤᠨ ᠭᠡᠮ᠂ ᠠᠵᠢᠯᠯᠠᠭ᠎ᠠ ᠨᠢ ᠵᠢᠷᠤᠮᠵᠢᠭᠤᠨ ᠪᠤᠰᠤ ᠵᠡᠷᠭᠡ ᠰᠢᠯᠲᠠᠭᠠᠨ ᠠᠴᠠ ᠪᠣᠯᠵᠤ ᠫᠢᠶᠣᠤ ᠪᠠᠷᠢᠮᠲᠠ ᠶᠢ ᠳᠠᠷᠤᠮᠠᠯᠯᠠᠵᠤ ᠤᠳᠠᠭᠠᠰᠢᠷᠠᠭᠤᠯᠬᠤ᠂ ᠰᠦᠢᠳᠬᠡᠯ ᠲᠤᠰᠢᠶᠠᠵᠤ ᠳᠡᠶᠢᠯᠦᠭᠰᠡᠨ ᠦᠭᠡᠢ ᠵᠡᠷᠭᠡ ᠠᠰᠠᠭᠤᠳᠠᠯ ᠢ ᠭᠠᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ   ᠠᠷᠪᠠᠨ ᠳᠣᠯᠣᠳᠤᠭᠠᠷ ᠵᠦᠢᠯ     ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠩᠭᠠᠭᠰᠠᠨ ᠲᠤᠭ᠎ᠠ ᠪᠠᠷᠢᠮᠲᠠ ᠨᠢ ᠴᠠᠭ ᠲᠤᠬᠠᠢ ᠳᠤ ᠨᠢ ᠦᠭᠡᠢ ᠂ ᠤᠨᠤᠪᠴᠢ ᠦᠭᠡᠢ ᠠᠴᠠ ᠪᠣᠯᠵᠣ᠂ ᠣᠨᠴᠠᠭᠠᠶ ᠬᠥᠮᠦᠰ ᠳᠠᠭᠠᠳᠬᠠᠯ ᠳᠤ ᠣᠷᠣᠯᠴᠠᠬᠤ ᠨᠥᠬᠦᠪᠥᠷᠢ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠭᠥᠷᠳᠡᠵᠦ ᠳᠡᠶᠢᠯᠦᠭᠰᠡᠨ ᠥᠬᠡᠶ ᠪᠠᠶᠢᠪᠠᠯ᠂ ᠮᠡᠳᠡᠭᠡ ᠵᠠᠩᠭᠢ ᠶᠢᠨ ᠠᠯᠳᠠᠭ᠎ᠠ ᠭᠠᠷᠭᠠᠭᠰᠠᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃   ᠠᠷᠪᠠᠨ ᠨᠠᠢᠮᠠᠳᠤᠭᠠᠷ ᠵᠦᠢᠯ      ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠵᠢᠭᠰᠠᠭᠠᠨ ᠪᠠᠶᠢᠴᠠᠭᠠᠭᠰᠠᠨ ᠢ ᠪᠣᠳᠠᠲᠠᠶᠢᠵᠢᠭᠤᠯᠤᠭᠰᠠᠨ ᠦᠭᠡᠶ᠂ ᠳᠠᠭᠠᠳᠬᠠᠯ ᠳᠤ ᠣᠷᠣᠯᠴᠠᠭᠰᠠᠨ ᠭᠡᠷᠡᠴᠢ ᠶᠢᠨ ᠭᠠᠷᠳᠠᠮ ᠨᠢ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ᠂ ᠤᠨᠴᠠᠭᠠᠢ ᠬᠥᠮᠦᠰ ᠳᠠᠭᠠᠳᠬᠠᠯ ᠳᠤ ᠣᠷᠣᠯᠴᠠᠭᠰᠠᠨ ᠨᠥᠬᠦᠪᠥᠷᠢ ᠪᠣᠯᠤᠨ ᠡᠮᠴᠢᠯᠡᠭᠡ ᠪᠠᠷ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠦᠷᠲᠡᠵᠦ ᠴᠢᠳᠠᠭᠰᠠᠨ ᠦᠭᠡᠶ ᠪᠠᠶᠢᠪᠠᠯ᠂ ᠬᠠᠮᠢᠶ᠎ᠠ ᠪᠦᠬᠦᠢ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠠᠴᠠ ᠬᠠᠷᠢᠭᠤᠴᠠᠨ᠎ᠠ᠃   ᠠᠷᠪᠠ ᠶᠢᠰᠦᠳᠦᠭᠡᠷ ᠵᠦᠢᠯ      ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠠᠭᠠᠳ ᠭᠠᠷᠤᠭᠰᠠᠨ᠂ ᠠᠵᠢᠯᠯᠠᠭ᠎ᠠ ᠨᠢ ᠵᠢᠷᠤᠮᠵᠢᠯ ᠦᠭᠡᠢ ᠵᠡᠷᠭᠡ ᠰᠢᠯᠲᠠᠭᠠᠨ ᠠᠴᠠ ᠪᠣᠯᠵᠤ᠂ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠣᠨᠣᠪᠴᠢ ᠦᠭᠡᠢ ᠠᠰᠠᠭᠤᠳᠠᠯ ᠭᠠᠷᠴᠤ᠂ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠪᠠ ᠳᠠᠩᠰᠠ ᠲᠠᠶᠢᠯᠬᠤ ᠶᠢ ᠨᠥᠯᠥᠭᠡᠯᠡᠭᠰᠡᠨ ᠪᠠᠶᠢᠪᠠᠯ᠂ ᠡᠮ ᠡᠮᠨᠡᠯᠭᠡ ᠶᠢᠨ ᠲᠣᠪᠴᠢᠶ᠎ᠠ ᠬᠠᠷᠢᠭᠤᠴᠠᠨ᠎ᠠ᠃   ᠨᠠᠢᠮᠠᠳᠤᠭᠠᠷ ᠪᠦᠯᠦᠭ    ᠳᠠᠭᠠᠯᠳᠤᠭᠤᠯᠤᠯ ᠳᠦᠷᠢᠮ   ᠬᠤᠷᠢᠳᠤᠭᠠᠷ ᠵᠦᠢᠯ      ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠳᠦᠷᠢᠮ ᠠᠰᠲᠠᠭᠠᠨ ᠲᠣᠭᠲᠠᠭᠠᠭᠰᠠᠨ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃   ᠬᠤᠷᠢᠨ ᠨᠢᠭᠡᠳᠦᠭᠡᠷ ᠵᠦᠢᠯ      ᠲᠤᠰ ᠠᠷᠭ᠎ᠠ ᠶᠢ ᠪᠠᠭᠤᠯᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ