ᠪᠠᠭᠠᠷᠢᠨ ᠪᠠᠷᠠᠭᠤᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
    11 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠱᠠᠩ ᠬᠤᠢ ᠪᠠᠭᠠᠷᠢᠨ ᠪᠠᠷᠠᠭᠤᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠡᠯ᠎ᠡ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠬᠤᠷᠠᠯ ᠠᠴᠠ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠣᠯᠳᠠᠯᠭ᠎ᠠ ᠲᠠᠢ ᠲᠦᠷᠦᠯ ᠵᠦᠢᠯ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠺᠠᠳ᠋ᠷ ᠴᠢᠳᠠᠪᠤᠷᠢᠲᠠᠨ ᠢ ᠪᠣᠯᠪᠠᠰᠤᠷᠠᠭᠤᠯᠬᠤ ᠪᠠ ᠰᠣᠯᠢᠯᠴᠠᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠠᠢ᠃    ᠱᠢ ᠱᠠᠩ ᠬᠤᠢ ᠴᠢᠬᠤᠯᠠᠴᠢᠯᠠᠭᠰᠠᠨ ᠨᠢ᠂ ᠣᠳᠣᠬᠠᠨ ᠳᠤ ᠨᠢᠭᠡᠨᠲᠡ ᠪᠦᠬᠦ ᠵᠢᠯ ᠤᠨ ᠪᠣᠭᠤᠮᠲᠠ ᠰᠢᠪᠲᠤᠯᠬᠤ ᠱᠠᠲᠤᠨ ᠳᠤ ᠣᠷᠣᠪᠠ᠂ ᠡᠯ᠎ᠡ ᠭᠠᠵᠠᠷ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠯ ᠤᠨ ᠡᠴᠦᠰ ᠤᠨ ᠬᠢᠨᠠᠨ ᠰᠢᠯᠭᠠᠵᠤ ᠦᠨᠡᠯᠡᠬᠦ ᠠᠵᠢᠯ ᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠨ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠲᠦᠷᠦᠯ ᠵᠦᠢᠯ ᠤᠨ ᠨᠢᠭᠡᠴᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠯ᠎ᠡ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠪᠥᠬᠦ ᠲᠠᠯ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠣᠶ ᠪᠣᠯᠭᠠᠵᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠣᠰᠣᠭᠠᠷ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠬᠥᠳᠡᠯᠮᠦᠷᠢ ᠦᠢᠯᠡᠴᠢᠯᠡᠭᠡ ᠪᠠᠷ ᠬᠠᠮᠵᠢᠯᠴᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠪᠠ ᠬᠥᠳᠡᠯᠮᠦᠷᠢ ᠦᠢᠯᠡᠴᠢᠯᠡᠬᠡᠨ ᠤ ᠬᠠᠮᠵᠢᠯᠴᠠᠭ᠎ᠠ ᠶᠢᠨ ᠠᠵᠢᠯ ᠤᠨ ᠰᠢᠨ᠎ᠡ ᠠᠬᠢᠴᠠ ᠲᠠᠢ ᠪᠣᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠠᠶᠢᠲᠤᠷ ᠠᠳᠬᠤᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠠᠢ᠃     ᠬᠤᠷᠠᠯ ᠠᠴᠠ ᠪᠠᠰᠠ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠵᠣᠷᠯᠣᠩ ᠤᠨ ᠬᠤᠪᠢᠰᠬᠠᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ