ᠠᠷᠤ ᠬᠤᠷᠴᠢᠨ ᠬᠣᠱᠢᠭᠤ᠄ ᠴᠧᠨ ᠬᠣ᠋ ᠨᠠᠨ ᠪᠦᠬᠦ ᠬᠤᠰᠢᠭᠤᠨ ᠤ 2025 ᠣᠨ ᠤ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/27
       11 ᠰᠠᠷ᠎ᠠ ᠶᠢᠨ 25 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ‌‍ᠲ᠋ᠠᠷᠤᠭ᠎ᠠ ᠴᠧᠨ ᠬᠤ᠋ ᠨᠠᠨ ᠪᠦᠬᠦ ᠬᠤᠰᠢᠭᠤᠨ ᠤ 2025 ᠣᠨ ᠤ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ‌ᠵᠦ᠋ᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠵᠢᠨ‌‍ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠵᠢᠶᠠ ᡁᠢ ᠬᠤᠩ᠂ ᠬᠤᠰᠢᠭᠤᠨ‌‍ᠲ᠋ᠡᠳ᠋ ᠳᠠᠷᠤᠭ᠎ᠠ ᠶᠠᠨ ᠰᠢᠤᠸᠠᠢ ᠲᠤᠤ᠂ ᠮᠦ ᠭᠦᠸᠧ ᠳ᠋ᠦᠩ ᠬᠤᠷᠠᠯ ᠳᠤ ᠣᠷᠣᠯᠴᠠᠪᠠ᠃         ᠴᠧᠨ ᠬᠤ᠋ ᠨᠠᠨ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠥᠭᠡᠯᠡᠨ ᠭᠠᠨᠰᠤ ᠶᠢᠨ ᠶᠠ    ᠱᠧᠩ ᠪᠦᠯᠤᠭ᠍ᠯᠡᠯ ᠤᠨ ᠬᠦᠷᠤᠯᠴᠡᠨ ᠢᠷᠡᠭᠰᠡᠨ ᠢ ᠪᠠᠶᠡᠷᠯᠡᠨ ᠤᠭᠲᠤᠵᠤ ᠪᠠᠶᠢᠭ᠎ᠠ ᠪᠠᠨ ᠢᠯᠡᠷᠭᠡᠶᠢᠯᠡᠬᠦ ᠶᠢᠨ ᠬᠠᠮᠲᠤ    ᠭᠠᠨᠰᠤ ᠶᠢᠨ ᠶᠠ ᠱᠧᠩ ᠪᠦᠯᠦᠭᠯᠡᠯ ᠭᠠᠨᠰᠤ ᠶᠢᠨ ᠲᠠᠷᠢᠶᠠᠯᠠᠩ ᠤᠨ ᠠᠳᠡᠷ ᠬᠠᠭᠠᠯᠪᠤᠷᠢᠯᠠᠯᠲᠠ ᠶᠢᠨ ᠪᠦᠯᠤᠭ᠍ᠯᠡᠯ ᠤᠨ    ᠬᠤᠪᠢ ᠡᠵᠡᠮᠲᠡᠭᠰᠠᠨ ᠤᠯᠤᠰ ᠤᠨ ᠥᠮᠴᠢᠯᠡᠯ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠡᠯ    ᠪᠣᠯᠤᠭᠰᠠᠨ ᠤ ᠬᠤᠪᠢ ᠳᠤ᠂ ︽ᠤᠷᠳᠤᠯᠵᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠲᠣᠮᠣ ᠲᠠᠷᠢᠶᠠᠯᠠᠩ ᠤᠨ    ᠮᠠᠰᠢᠨ ᠢ ᠲᠤᠨᠤᠭᠯᠠᠵᠤ᠂ ᠲᠣᠮᠣ ᠠᠵᠤ ᠣᠶᠢᠯᠡᠰ ᠢ ᠪᠣᠶᠢᠵᠢᠭᠤᠯᠵᠤ᠂ ᠤᠰᠤ ᠪᠤᠷᠳᠤᠭᠤᠷ ᠢ ᠨᠢᠭᠡ ᠴᠤᠭᠵᠠᠵᠢᠭᠤᠯᠬᠤ︾    ᠲᠠᠷᠢᠶᠠᠯᠠᠩ ᠤᠨ ᠬᠦᠭᠵᠢᠯᠲᠠ ᠶᠢᠨ ᠪᠠᠶᠢᠷᠢᠰᠢᠯ ᠢ ᠢᠮᠬᠠᠳᠡ ᠪᠠᠷᠢᠮᠳᠠᠯᠠᠨ᠂ ᠲᠡᠷᠢᠮᠡᠯ ᠤᠨ ᠬᠡᠪᠴᠢᠶ᠎ᠡ ᠲᠦᠮᠡᠨ    ᠮᠦ ᠠᠴᠠ  ᠲᠠᠪᠠᠭᠰᠡᠨ᠂ ᠦᠢᠯᠡᠣᠡᠪᠣᠷᠢᠯᠡᠯ ᠤᠨ ᠦᠷᠳᠡᠭ ᠳ᠋ᠦᠩᠰᠢᠭᠤᠷ ᠲᠦᠭᠦᠷᠢᠭ ᠠᠴᠠ ᠲᠠᠪᠠᠭᠰᠡᠨ ᠨᠢᠭᠡ ᠪᠦᠯᠥᠭ    ᠭᠤᠣᠯᠯᠠᠬᠤ ᠠᠵᠤ ᠦᠢᠯᠡᠰ ᠢ ᠪᠠᠶᠢᠭᠤᠯᠵᠤ᠂ ᠬᠦᠴᠦᠷᠬᠡᠭ ᠶᠡᠭᠡ ᠡᠬᠢ ᠪᠠᠶᠡᠯᠢᠭ᠋ ᠢ ᠨᠡᠶᠢᠳᠭᠡᠬᠦ ᠴᠢᠳᠡᠪᠤᠷᠢ ᠪᠣᠯᠣᠨ    ᠮᠡᠷᠭᠡᠵᠢᠯ ᠤᠨ ᠰᠢᠨ᠎ᠠ ᠶᠢ ᠡᠭᠦᠣᠡᠬᠦ ᠳᠠᠪᠠᠭᠤᠯᠢᠭ ᠲᠠᠢ ᠶᠤᠮ᠃ ᠠᠷᠤ ᠬᠤᠷᠴᠢᠨ ᠬᠤᠰᠢᠭᠤ ᠠᠵᠢᠯ ᠤᠨ ᠲᠣᠰᠬᠠᠢ    ᠠᠩᠬᠢ ᠪᠠᠶᠢᠭᠤᠯᠵᠤ᠂ ᠨᠠᠷᠢᠯᠢᠭ ᠣᠨᠣᠪᠴᠢᠲᠠᠢ ᠦᠨᠳᠤᠷ ᠪᠦᠳᠣᠮᠵᠢᠲᠡᠢ ᠵᠤᠯᠭᠠᠭᠤᠯᠤᠨ᠂ ᠬᠠᠮᠳᠤᠷᠠᠯᠴᠠᠭᠠᠨ ᠤ    ᠲᠦᠷᠤᠯ ᠵᠦᠢᠯ ᠢ ᠨᠡᠶᠢᠳᠡᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠤᠨ ᠢᠶᠠᠷ ᠢᠶᠠᠨ ᠠᠬᠢᠭᠤᠯᠵᠤ᠂ ᠠᠵᠤ    ᠠᠬᠤᠶᠢᠯᠠᠯ ᠤᠨ ᠬᠢᠨ ᠠᠷᠤ ᠬᠤᠷᠴᠢᠨ ᠬᠤᠰᠢᠭᠤᠨ ᠤ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ︽   ᠦᠢᠯᠠᠳᠪᠤᠷᠢᠯᠡᠬᠦ᠂ ᠬᠠᠩᠭᠠᠬᠤ᠂ ᠪᠣᠷᠣᠯᠠᠭᠤᠯᠬᠤ︾ ᠬᠡᠯᠬᠢᠶ᠎ᠡ ᠳᠡᠭᠡᠷ᠎ᠡ ᠰᠢᠰᠲ᠋ᠧᠮ ᠢᠶᠠᠨ ᠨᠢᠭᠡᠳᠭᠡᠬᠦ ᠪᠠ ᠰᠢᠨᠵᠢᠯᠡᠬᠦ    ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠬᠡᠭᠡᠯᠲᠠ ᠶᠢ ᠴᠢᠩᠭᠠᠳᠬᠠᠵᠤ᠂ ᠠᠷᠤ ᠬᠤᠷᠴᠢᠨ ᠬᠤᠰᠢᠭᠤᠨ ᠤ    ᠲᠠᠷᠢᠶᠠᠯᠠᠩ ᠮᠠᠯ ᠠᠵᠤ ᠠᠬᠤᠢ ᠶᠢᠨ ᠣᠳᠤᠬᠢᠴᠢᠯᠠᠯᠲᠠ ᠶᠢ ᠨᠡᠩ ᠦᠨᠳᠤᠷ ᠲᠦᠪᠰᠢᠨ ᠳᠤ ᠬᠦᠷᠭᠡᠬᠦ ᠶᠢ  ᠠᠬᠢᠭᠤᠯᠬᠤ ᠶᠢ ᠬᠦᠰᠡᠪᠠ᠃         ᠯᠢᠶᠠᠨ ᠫᠧᠩ ᠢᠯᠡᠷᠬᠡᠶᠢᠯᠡᠬᠦ ᠳᠡᠭᠡᠨ᠂ ᠠᠷᠤ ᠬᠤᠷᠴᠢᠨ ᠬᠤᠰᠢᠭᠤ ᠡᠬᠢ ᠪᠠᠶᠡᠯᠢᠭ᠋ ᠤᠨ ᠳᠠᠪᠠᠭᠤᠯᠢᠭ ᠲᠠᠢ    ᠮᠦᠷᠳᠡᠭᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ ᠪᠠᠶᠢᠵᠤ᠂ ᠺᠣᠮᠫᠠᠨᠢ ᠨᠢ ᠠᠷᠤ ᠬᠤᠷᠴᠢᠨ ᠬᠤᠰᠢᠭᠤ     ᠯᠤᠭ᠎ᠠ ᠶᠢᠨ ᠨᠡᠪᠲᠠᠷᠠᠯᠴᠡᠭᠡ ᠬᠠᠷᠢᠯᠴᠠᠭ᠎ᠠ ᠪᠠᠨ ᠴᠢᠩᠭᠠᠣᠡᠬᠠᠵᠤ᠂ ᠲᠠᠷᠢᠶᠠᠨ ᠭᠠᠵᠠᠷ ᠤᠨ ᠤᠰᠤᠨ ᠠᠰᠢᠡᠡᠯᠠᠯᠳᠡ ᠶᠢᠨ    ᠪᠦᠳᠣᠭᠡᠨ ᠪᠠᠶᠢᠭᠤᠯᠤᠯᠲᠠ᠂ ᠭᠠᠵᠠᠷ ᠰᠢᠷᠣᠢ ᠶᠢᠨ ᠬᠡᠷᠡᠭᠯᠡᠬᠦ ᠡᠷᠭᠡ ᠶᠢ ᠰᠢᠯᠵᠢᠭᠦᠯᠤᠨ ᠡᠵᠡᠩᠨᠡᠬᠦ᠂ ᠤᠰᠤ ᠠᠷᠪᠢᠯᠠᠬᠤ    ᠲᠤᠨᠣᠭᠯᠠᠯ ᠦᠢᠯᠡᠣᠡᠬᠦ ᠵᠡᠷᠭᠡ ᠬᠦᠷᠢᠶᠡᠨ ᠳᠤ ᠭᠦᠨᠵᠡᠭᠡᠢ ᠵᠤᠯᠭᠠᠭᠤᠯᠤᠨ ᠬᠠᠮᠳᠤᠷᠠᠯᠴᠠᠵᠤ᠂ ᠣᠷᠣᠨ ᠨᠤᠳᠤᠭ ᠤᠨ    ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠳᠤ ᠬᠦᠴᠦᠨ ᠨᠡᠮᠡᠷᠢᠯᠡᠨ᠎ᠡ ᠭᠡᠵᠡᠢ᠃           ᠬᠤᠰᠢᠭᠤᠨ ᠲᠡᠳ᠋ ᠳᠠᠷᠤᠭ᠎ᠠ ᠮᠦ ᠭᠦᠸᠧ ᠳ᠋ᠦᠩ᠂ ᠬᠤᠰᠢᠭᠤᠨ ᠵᠠᠰᠠᠭ ᠤᠨ ᠤᠷᠳᠤᠨ ᠤ ᠠᠯᠪᠠᠨ ᠭᠡᠷ᠂    ᠠᠵᠤ ᠦᠢᠯᠡᠳᠪᠤᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂    ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠣᠭᠤᠯᠤᠯᠲᠠ ᠶᠢ    ᠠᠬᠢᠭᠤᠯᠬᠤ ᠲᠣᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠵᠢᠴᠢ ᠭᠠᠨᠰᠤ ᠶᠢᠨ ᠶᠠ    ᠱᠧᠩ ᠠᠵᠤ ᠦᠢᠯᠡᠰ ᠤᠨ ᠪᠦᠯᠦᠭᠯᠡᠯ ᠪᠣᠯᠣᠨ ᠪᠡᠭᠡᠵᠢᠩ ᠤᠨ ᠵᠦᠩ ᠺᠧ ᠸᠧᠢ ᠬᠤᠸᠠ ᠣᠷᠴᠢᠨ ᠲᠣᠭᠤᠷᠢᠨ ᠤ    ᠬᠠᠮᠠᠭᠠᠯᠠᠯᠲᠠ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ    ᠣᠷᠣᠯᠴᠠᠪᠠ᠃      
ᠢᠷᠡᠯᠲᠡ᠄ ᠠᠷᠦ ᠬᠤᠷᠴᠢᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ