| ᠴᠢᠩ ᠤᠯᠤᠰ ᠤᠨ ᠡᠬᠢᠨ ᠤ ᠦᠶ᠎ᠡ ᠳᠤ ᠮᠣᠩᠭᠤᠯ ᠣᠷᠣᠨ ᠳᠤ ᠬᠤᠰᠢᠭᠤ ᠴᠢᠭᠤᠯᠭᠠᠨ ᠤ ᠳᠦᠷᠢᠮ ᠢ ᠬᠡᠷᠡᠭᠵᠢᠭᠦᠯᠦᠭᠰᠡᠨ ᠠᠴᠠ ᠰᠡᠭᠦᠯᠡᠷ ᠴᠡᠷᠢᠭ ᠵᠠᠰᠠᠭ ᠢ | ᠨᠢᠭᠡᠳᠬᠡᠪᠡ᠂ ᠴᠢᠭᠤᠯᠭᠠᠨ ᠤ ᠳᠠᠷᠤᠭ᠎ᠠ ᠨᠢ ︽ᠴᠡᠷᠢᠭ ᠤᠨ ᠪᠡᠯᠡᠳᠬᠡᠯ ᠢ ᠰᠢᠯᠭᠠᠵᠤ᠂ ᠬᠢᠵᠠᠭᠠᠷ ᠢ ᠪᠠᠶᠢᠴᠠᠭᠠᠨ᠂ ᠡᠷᠡᠭᠦᠦ ᠰᠢᠢᠳᠬᠡᠯ ᠢ ᠲᠣᠳᠤᠷᠬᠠᠶᠢᠯᠠᠵᠤ᠂ ᠡᠷ᠎ᠡ ᠶᠢᠨ | ᠳᠠᠩᠰᠠ ᠪᠦᠷᠢᠳᠬᠡᠬᠦ︾ ᠬᠠᠷᠢᠭᠤᠴᠠᠯᠭ᠎ᠠ ᠶᠢ ᠡᠭᠦᠷᠭᠡᠯᠡᠨ᠂ ᠠᠮᠤᠷ ᠢ ᠬᠠᠮᠠᠭᠠᠯᠠᠬᠤ ᠠᠵᠢᠯ ᠢ ᠡᠯ᠎ᠡ ᠬᠤᠰᠢᠭᠤᠨ ᠤ ᠵᠠᠰᠠᠭ ᠶᠠᠮᠤᠨ ᠠᠴᠠ ᠨᠢᠭᠡᠲᠦᠯᠲᠠᠢ ᠰᠢᠢᠳᠪᠦᠷᠢᠯᠡᠳᠡᠭ | ᠪᠠᠶᠢᠵᠠᠢ᠃ | ᠴᠢᠩ ᠤᠯᠤᠰ ᠤᠨ ᠨᠠᠶᠢᠷᠠᠯᠲᠦ ᠲᠥᠪ᠂ ᠲᠡᠭᠷᠢ ᠲᠡᠳᠬᠦᠭᠴᠢ ᠠᠴᠠ ᠰᠡᠭᠦᠯᠡᠷ ᠵᠣᠰᠤᠲᠤ ᠶᠢᠨ ᠴᠢᠭᠤᠯᠭᠠᠨ ᠪᠣᠯᠣᠨ ᠵᠤᠤ ᠤᠳᠠ ᠶᠢᠨ ᠴᠢᠭᠤᠯᠭᠠᠨ ᠤ ᠡᠮᠦᠨ᠎ᠡ | ᠬᠡᠰᠡᠭ ᠲᠤ ᠤᠷᠢᠳ ᠬᠤᠵᠢᠳ ᠲᠢᠩᠬᠢᠮ᠂ ᠰᠢᠶᠠᠨ᠂ ᠵᠸᠣ ᠪᠠᠶᠢᠭᠤᠯᠤᠨ᠂ ᠬᠢᠲᠠᠳ ᠢᠷᠭᠡᠳ ᠤᠨ ᠵᠠᠰᠠᠭ ᠵᠠᠬᠢᠷᠭ᠎ᠠ᠂ ᠬᠠᠣᠯᠢ ᠴᠠᠭᠠᠵᠠ ᠶᠢᠨ ᠤᠴᠢᠷ ᠶᠠᠪᠤᠳᠠᠯ ᠢ | ᠬᠠᠮᠢᠶᠠᠷᠴᠦ ᠪᠠᠶᠢᠪᠠ᠃ ᠲᠥᠷᠥ ᠭᠡᠷᠡᠯᠲᠦ ᠶᠢᠨ ᠲᠠᠪᠤᠨ ᠣᠨ ︵1825 ᠣᠨ︶ ᠳᠤ ᠬᠡᠰᠢᠭᠲᠡᠨ ᠬᠤᠰᠢᠭᠤᠨ ᠤ ᠬᠠᠷᠢᠶᠠᠨ ᠳᠤ ᠪᠠᠶᠢᠴᠠ ᠴᠠᠭᠳᠠᠭᠠᠨ ᠤ | ᠲᠣᠪᠴᠢᠶ᠎ᠠ ᠶᠢ ᠪᠠᠶᠢᠭᠤᠯᠵᠤ᠂ ᠬᠢᠲᠠᠳ ᠢᠷᠭᠡᠳ ᠤᠨ ᠡᠷᠡᠭᠦᠦ ᠶᠢᠨ ᠬᠡᠷᠡᠭ᠂ ᠢᠷᠭᠡᠨ ᠤ ᠶᠠᠪᠤᠳᠠᠯ ᠤᠨ ᠬᠡᠷᠡᠭ ᠵᠠᠷᠭᠤ ᠶᠢ ᠰᠢᠢᠳᠪᠦᠷᠢᠯᠡᠳᠡᠭ᠂ ᠴᠠᠭᠳᠠᠭᠠᠨ ᠤ | ᠲᠣᠪᠴᠢᠶ᠎ᠠ ᠨᠢ ᠭᠢᠨᠳᠠᠨ ᠲᠠᠢ ᠪᠠᠶᠢᠵᠠᠢ᠃ | ᠪᠠᠳᠠᠷᠠᠭᠤᠯᠲᠦ ᠲᠥᠷᠥ ᠶᠢᠨ ᠭᠤᠴᠢᠨ ᠨᠢᠭᠡᠨ ᠣᠨ ︵1905 ᠣᠨ︶ ᠳᠤ ᠬᠠᠷᠠᠴᠢᠨ ᠪᠠᠷᠠᠭᠤᠨ ᠭᠠᠷᠤᠨ ᠬᠤᠰᠢᠭᠤᠨ ᠤ ᠸᠠᠩ ᠤᠨ ᠣᠷᠳᠤᠨ ᠳᠤ ᠴᠠᠭᠳᠠᠭᠠᠨ ᠤ | ᠰᠠᠯᠪᠤᠷᠢ ᠪᠠᠶᠢᠭᠤᠯᠬᠤ ᠶᠢᠨ ᠵᠡᠷᠭᠡ ᠸᠠᠩ ᠤᠨ ᠳ᠋ᠢᠶᠠᠨ᠂ ᠭᠦᠩ ᠤᠨ ᠣᠷᠳᠤᠨ ᠳᠤ ᠴᠠᠭᠳᠠᠭᠠᠨ ᠤ ᠬᠤᠪᠢᠶᠠᠷᠢ ᠰᠠᠯᠪᠤᠷᠢ ᠭᠠᠷᠭᠠᠵᠤ᠂ ᠬᠤᠰᠢᠭᠤᠨ ᠳᠣᠲᠤᠷ᠎ᠠ ᠠᠴᠠ | 20 ᠭᠠᠷᠤᠢ ᠵᠠᠯᠠᠭᠤᠴᠤᠳ ᠢ ᠡᠯᠰᠠᠨ ᠴᠠᠭᠳᠠᠭ᠎ᠠ ᠪᠣᠯᠭᠠᠵᠤ᠂ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠭᠤᠯᠪᠠ᠃ ᠪᠠᠳᠠᠷᠠᠭᠤᠯᠲᠤ ᠲᠥᠷᠥ ᠶᠢᠨ ᠭᠤᠴᠢᠨ ᠭᠤᠷᠪᠠᠨ | ᠣᠨ ︵1907 ᠣᠨ︶ ᠳᠤ ᠤᠯᠠᠭᠠᠨᠬᠠᠳᠠ ᠰᠢᠶᠠᠨ ᠳᠤ ᠴᠠᠭᠳᠠᠭᠠᠨ ᠤ ᠲᠣᠪᠴᠢᠶ᠎ᠠ ᠪᠠᠶᠢᠭᠤᠯᠵᠠᠢ᠃ | 1912 ᠣᠨ ︵ᠢᠷᠭᠡᠨ ᠤᠯᠤᠰ ᠤᠨ ᠲᠡᠷᠢᠭᠦᠨ ᠣᠨ︶ ᠳᠤ ᠠᠤᠬᠠᠨ ᠬᠤᠰᠢᠭᠤ ᠶᠢᠨ ᠰᠧ ᠵᠢᠶ᠋ᠨ ᠽᠢ᠂ ᠵᠢᠦ ᠳ᠋ᠣᠤ ᠸᠠᠨ ᠽᠢ ᠬᠤᠶᠠᠷ ᠭᠠᠵᠠᠷ ᠲᠤ | ᠴᠠᠭᠳᠠᠭᠠᠨ ᠤ ᠶᠠᠪᠤᠳᠠᠯ ᠤᠨ ᠰᠠᠯᠪᠤᠷᠢ ᠶᠢ ᠪᠠᠶᠢᠭᠤᠯᠪᠠ᠃ | 1913 ᠣᠨ ︵ᠢᠷᠭᠡᠨ ᠤᠯᠤᠰ ᠤᠨ 2 ᠣᠨ︶ ᠳᠤ ᠫᠢᠩᠴᠢᠣᠸᠠᠨ ᠰᠢᠶᠠᠨ ︵ᠨᠢᠩᠴᠧᠩ ᠢ ᠪᠠᠭᠳᠠᠭᠠᠨ᠎ᠠ︶ ᠳᠤ ᠴᠠᠭᠳᠠᠭᠠᠨ ᠤ ᠶᠠᠪᠤᠳᠠᠯ ᠤᠨ ᠠᠯᠪᠠᠨ | ᠭᠠᠵᠠᠷ ᠭᠠᠷᠭᠠᠵᠤ᠂ ᠰᠢᠶᠠᠨ ᠤ ᠬᠡᠷᠡᠭ ᠮᠡᠳᠡᠭᠴᠢ ᠠᠴᠠ ᠴᠠᠭᠳᠠᠭᠠᠨ ᠳᠠᠷᠤᠭ᠎ᠠ ᠶᠢ ᠬᠠᠪᠰᠤᠷᠭᠠᠨ ᠬᠠᠷᠢᠭᠤᠴᠠᠵᠤ᠂ ᠡᠯ᠎ᠡ ᠨᠤᠲᠤᠭ ᠲᠤ ︽ᠴᠠᠭᠳᠠᠭᠴᠢ ᠲᠦᠰᠢᠮᠡᠯ︾᠂ | ︽ᠴᠠᠭᠳᠠᠭᠤᠯ ᠤᠨ ᠳᠠᠷᠤᠭ᠎ᠠ︾᠂ ︽ᠴᠠᠭᠳᠠᠭᠤᠯ︾ ᠲᠣᠮᠢᠯᠠᠪᠠ᠃ | 1914 ᠣᠨ ︵ᠢᠷᠭᠡᠨ ᠤᠯᠤᠰ ᠤᠨ 3 ᠣᠨ︶ ᠳᠤ ᠤᠯᠠᠭᠠᠨᠬᠠᠳᠠ ᠰᠢᠶᠠᠨ ᠤ ᠴᠠᠭᠳᠠᠭᠠᠨ ᠤ ᠲᠣᠪᠴᠢᠶ᠎ᠠ ᠶᠢ ᠴᠠᠭᠳᠠᠭᠠᠨ ᠤ ᠰᠠᠯᠪᠤᠷᠢ ᠪᠣᠯᠭᠠᠵᠤ᠂ ᠪᠦᠬᠦ | ᠰᠢᠶᠠᠨ ᠤ 6 ᠨᠤᠲᠤᠭ ᠤᠨ ᠭᠤᠣᠯᠳᠠᠯᠭ᠎ᠠ ᠲᠠᠢ ᠲᠣᠰᠬᠤᠨ ᠳᠤ ᠴᠠᠭᠳᠠᠭ᠎ᠠ ᠶᠢᠨ ᠰᠠᠯᠪᠤᠷᠢ ᠪᠣᠯᠣᠨ 7 ᠬᠤᠪᠢᠶᠠᠷᠢ ᠰᠠᠯᠪᠤᠷᠢ ᠭᠠᠷᠭᠠᠪᠠ᠃ | 1915 ᠣᠨ ︵ᠢᠷᠭᠡᠨ ᠤᠯᠤᠰ ᠤᠨ 4 ᠣᠨ︶ ᠳᠤ ᠵᠢᠩᠫᠧᠩ ᠰᠢᠶᠠᠨ ᠳᠤ ᠴᠠᠭᠳᠠᠭᠠᠨ ᠰᠠᠯᠪᠤᠷᠢ ᠪᠠᠶᠢᠭᠤᠯᠪᠠ᠃ 1919 ᠣᠨ ︵ᠢᠷᠭᠡᠨ ᠤᠯᠤᠰ ᠤᠨ 8 | ᠣᠨ︶ ᠳᠤ ᠯᠢᠨᠰᠢ ᠰᠢᠶᠠᠨ ᠳᠤ ᠴᠠᠭᠳᠠᠭᠠᠨ ᠰᠠᠯᠪᠤᠷᠢ ᠪᠠᠶᠢᠭᠤᠯᠪᠠ᠃ | 1926 ᠣᠨ ︵ᠢᠷᠭᠡᠨ ᠤᠯᠤᠰ ᠤᠨ 15 ᠣᠨ︶ ᠳᠤ ᠤᠯᠠᠭᠠᠨᠬᠠᠳᠠ ᠰᠢᠶᠠᠨ ᠤ ᠴᠠᠭᠳᠠᠭᠠᠨ ᠭᠠᠵᠠᠷ ᠢ ᠴᠠᠭᠳᠠᠭ᠎ᠠ ᠶᠢᠨ ᠲᠣᠪᠴᠢᠶ᠎ᠠ ᠪᠣᠯᠭᠠᠵᠤ᠂ ᠳᠦᠷᠪᠡᠨ | ᠰᠢᠶᠠᠩ ᠤᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠭᠤᠯᠪᠠ᠃ ᠤᠯᠠᠭᠠᠨᠬᠠᠳᠠ ᠵᠡᠭᠡᠯᠢ ᠳᠤ ᠤᠯᠠᠭᠠᠨᠬᠠᠳᠠ ᠶᠢᠨ ᠠᠷᠠᠯᠵᠢᠶᠠᠨ ᠤ ᠭᠠᠵᠠᠷ ᠤᠨ ᠴᠠᠭᠳᠠᠭᠠᠨ ᠤ | ᠲᠣᠪᠴᠢᠶ᠎ᠠ ᠶᠢ ᠪᠠᠶᠢᠭᠤᠯᠵᠤ᠂ ᠳᠣᠣᠷ᠎ᠠ ᠨᠢ 3 ᠬᠤᠪᠢᠶᠠᠷᠢ ᠲᠣᠪᠴᠢᠶ᠎ᠠ ᠭᠠᠷᠭᠠᠵᠤ᠂ ᠬᠤᠲᠠ ᠶᠢᠨ ᠳᠣᠲᠤᠷᠠᠬᠢ ᠠᠮᠤᠷ ᠢ ᠬᠠᠮᠠᠭᠠᠯᠠᠵᠤ᠂ ᠬᠠᠷᠠᠭᠤᠯ ᠵᠣᠬᠰᠤᠨ | ᠴᠠᠭᠳᠠᠨ ᠲᠣᠭᠤᠷᠢᠬᠤ ᠠᠵᠢᠯ ᠢ ᠬᠠᠷᠢᠭᠤᠴᠠᠭᠤᠯᠵᠠᠢ᠃ ᠮᠦᠨ ᠵᠢᠯ ᠠᠷᠤ ᠬᠤᠷᠴᠢᠨ ᠬᠤᠰᠢᠭᠤᠨ ᠳᠤ ᠴᠠᠭᠳᠠᠭᠠᠨ ᠰᠠᠯᠪᠤᠷᠢ ᠪᠠᠶᠢᠭᠤᠯᠪᠠ᠃ | 1927 ᠣᠨ ︵ᠢᠷᠭᠡᠨ ᠤᠯᠤᠰ ᠤᠨ 16 ᠣᠨ︶ ᠳᠤ ᠯᠢᠨᠳᠦ᠋ᠩ ᠳᠤ ᠴᠠᠭᠳᠠᠭᠠᠨ ᠰᠠᠯᠪᠤᠷᠢ ᠪᠠᠶᠢᠭᠤᠯᠪᠠ᠃ | 1929 ᠣᠨ ︵ᠢᠷᠭᠡᠨ ᠤᠯᠤᠰ ᠤᠨ 18 ᠣᠨ︶ ᠳᠤ ᠫᠢᠩᠴᠢᠣᠸᠠᠨ ︵ᠨᠢᠩᠴᠧᠩ ᠢ ᠪᠠᠭᠲᠠᠭᠠᠨ᠎ᠠ︶᠂ ᠯᠢᠨᠰᠢ᠂ ᠪᠢᠷᠠᠭᠤ᠂ ᠯᠢᠨᠳᠦ᠋ᠩ᠂ ᠤᠯᠠᠭᠠᠨᠬᠠᠳᠠ | ᠵᠡᠷᠭᠡ ᠭᠠᠵᠠᠷ ᠤᠨ ᠴᠠᠭᠳᠠᠭᠠᠨ ᠰᠠᠯᠪᠤᠷᠢ ︵ᠴᠠᠭᠳᠠᠭᠠᠨ ᠤ ᠶᠠᠪᠤᠳᠠᠯ ᠤᠨ ᠲᠣᠪᠴᠢᠶ᠎ᠠ︶ ᠶᠢ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠪᠣᠯᠭᠠᠵᠤ᠂ ᠳᠣᠣᠷ᠎ᠠ ᠨᠢ | ᠳᠣᠲᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠳᠣᠲᠤᠭᠠᠳᠤ ᠶᠢ ᠬᠠᠮᠠᠭᠠᠯᠠᠬᠤ ᠰᠠᠯᠪᠤᠷᠢ ᠪᠤᠶᠤ ᠴᠠᠭᠳᠠᠭᠠᠨ ᠭᠠᠵᠠᠷ ᠭᠠᠷᠭᠠᠵᠤ᠂ ᠡᠯ᠎ᠡ ᠬᠤᠰᠢᠭᠤ ᠰᠢᠶᠠᠨ ᠤ | ᠴᠠᠭᠳᠠᠭᠠᠨ ᠤ ᠶᠠᠪᠤᠳᠠᠯ᠂ ᠭᠠᠯ ᠢ ᠰᠡᠷᠭᠡᠶᠢᠯᠡᠬᠦ᠂ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ᠂ ᠬᠠᠷ᠎ᠠ ᠳᠠᠮᠠᠬᠢ ᠴᠠᠭᠠᠵᠠᠯᠠᠬᠤ᠂ ᠭᠠᠶᠢᠯᠢ ᠲᠠᠲᠠᠪᠤᠷᠢᠯᠠᠬᠤ ᠵᠡᠷᠭᠡ ᠶᠢ | ᠬᠠᠮᠢᠶᠠᠷᠤᠭᠤᠯᠪᠠ᠃ | 1931 ᠣᠨ ︵ᠢᠷᠭᠡᠨ ᠤᠯᠤᠰ ᠤᠨ 20 ᠣᠨ︶ ᠳᠤ ᠴᠢᠣᠸᠠᠨ ᠨᠢᠩ ᠵᠠᠰᠠᠭ ᠪᠠᠶᠢᠭᠤᠯᠬᠤ ᠲᠣᠪᠴᠢᠶ᠎ᠠ ᠶᠢ ᠪᠠᠶᠢᠭᠤᠯᠵᠤ᠂ ᠳᠠᠭᠠᠯᠳᠤᠨ ᠳᠣᠲᠤᠭᠠᠳᠤ ᠶᠢ | ᠬᠠᠮᠠᠭᠠᠯᠠᠬᠤ ᠲᠣᠪᠴᠢᠶ᠎ᠠ ᠶᠢ ᠪᠠᠶᠢᠭᠤᠯᠪᠠ᠃ ᠮᠦᠨ ᠵᠢᠯ ᠫᠢᠩᠴᠢᠣᠸᠠᠨ ᠰᠢᠶᠠᠨ ᠤ ᠬᠤᠶᠢᠲᠦ ᠪᠡᠶ᠎ᠡ ᠶᠢᠨ 3 ᠴᠢᠤᠢ ᠶᠢ ᠰᠠᠯᠭᠠᠵᠤ ᠣᠳᠤ ᠶᠢᠨ ᠰᠢᠶᠤᠤ ᠴᠧᠩᠽᠢ ᠳᠤ | ᠳ᠋ᠠ ᠨᠢᠩ ᠤᠨ ᠵᠠᠰᠠᠭ ᠪᠠᠶᠢᠭᠤᠯᠬᠤ ᠲᠣᠪᠴᠢᠶ᠎ᠠ ᠶᠢ ᠪᠠᠶᠢᠭᠤᠯᠤᠨ᠂ ᠳᠣᠣᠷ᠎ᠠ ᠨᠢ ᠳᠣᠲᠣᠭᠠᠲᠤ ᠶᠢ ᠬᠠᠮᠠᠭᠠᠯᠠᠬᠤ ᠲᠣᠪᠴᠢᠶ᠎ᠠ ᠭᠠᠷᠭᠠᠵᠤ᠂ 4 ᠳᠣᠲᠣᠭᠠᠲᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ 8 ᠰᠠᠯᠪᠤᠷᠢ ᠶᠢ ᠬᠠᠷᠢᠶᠠᠯᠠᠭᠤᠯᠬᠤ ᠶᠢᠨ ᠬᠠᠮᠲᠦ ᠰᠢᠶᠤᠤ ᠴᠧᠩᠽᠢ ᠳᠤ ᠬᠤᠷᠢᠬᠤ ᠭᠠᠵᠠᠷ ᠭᠠᠷᠭᠠᠪᠠ᠃ | 1933 ᠣᠨ ︵ᠬᠠᠭᠤᠷᠮᠠᠭ ᠮᠠᠨᠵᠤ ᠶᠢᠨ ᠳ᠋ᠠ ᠲᠦᠩ ᠤᠨ 2 ᠣᠨ︶ ᠤ 3 ᠰᠠᠷ᠎ᠠ ᠳᠤ ᠶᠠᠫᠣᠨ ᠴᠡᠷᠢᠭ ᠤᠯᠠᠭᠠᠨᠬᠠᠳᠠ ᠶᠢ ᠡᠵᠡᠯᠡᠪᠡ᠃ 7 ᠰᠠᠷ᠎ᠠ ᠳᠤ | ᠤᠯᠠᠭᠠᠨᠬᠠᠳᠠ ᠰᠢᠶᠠᠨ ᠤ ᠳᠣᠲᠤᠭᠠᠳᠤ ᠶᠢ ᠬᠠᠮᠠᠭᠠᠯᠠᠬᠤ ᠲᠤᠪᠴᠢᠶ᠎ᠠ ᠶᠢ ᠴᠠᠭᠳᠠᠭᠠᠨ ᠤ ᠶᠠᠪᠤᠳᠠᠯ ᠤᠨ ᠲᠣᠪᠴᠢᠶ᠎ᠠ ᠪᠣᠯᠭᠠᠵᠤ᠂ ᠬᠤᠵᠢᠮ ᠨᠢ ᠴᠠᠭᠳᠠᠭᠠᠨ ᠤ | ᠶᠠᠪᠤᠳᠠᠯ ᠤᠨ ᠰᠠᠯᠠᠭ᠎ᠠ ᠪᠣᠯᠭᠠᠨ ᠥᠭᠡᠷᠡᠴᠢᠯᠡᠪᠡ᠃ ᠤᠯᠠᠭᠠᠨᠬᠠᠳᠠ ᠶᠢᠨ ᠭᠠᠳᠠᠭᠠᠳᠤ ᠠᠷᠠᠯᠵᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠶᠢ ᠴᠠᠭᠳᠠᠭᠠᠨ | ᠵᠠᠬᠢᠷᠭ᠎ᠠ ᠪᠣᠯᠭᠠᠨ ᠥᠭᠡᠷᠡᠴᠢᠯᠡᠵᠦ᠂ ᠴᠠᠭᠳᠠᠭᠠᠨ ᠤ ᠶᠠᠪᠣᠳᠠᠯ ᠤᠨ ᠲᠣᠪᠴᠢᠶ᠎ᠠ ᠳᠤ ᠬᠠᠷᠢᠶᠠᠯᠠᠭᠤᠯᠪᠠ᠃ ᠮᠦᠨ ᠵᠢᠯ ᠬᠡᠰᠢᠭᠲᠡᠨ ᠬᠤᠰᠢᠭᠤ᠂ ᠪᠠᠭᠠᠷᠢᠨ ᠵᠡᠭᠦᠨ | ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠠᠷᠤ ᠬᠤᠷᠴᠢᠨ ᠬᠤᠰᠢᠭᠤ᠂ ᠬᠠᠷᠠᠴᠢᠨ ᠬᠤᠰᠢᠭᠤ᠂ ᠯᠢᠨᠰᠢ ᠰᠢᠶᠠᠨ ᠤ ᠠᠯᠪᠠᠨ ᠵᠠᠬᠢᠷᠭ᠎ᠠ ᠨᠢ ᠴᠠᠭᠳᠠᠭᠠᠨ ᠤ | ᠶᠠᠪᠣᠳᠠᠯ ᠤᠨ ᠲᠣᠪᠴᠢᠶ᠎ᠠ ᠪᠠᠶᠢᠭᠤᠯᠪᠠ᠃ 1934 ᠣᠨ ︵ᠬᠠᠭᠤᠷᠮᠠᠭ ᠮᠠᠨᠵᠤ ᠶᠢᠨ ᠡᠩᠬᠡ ᠡᠷᠳᠡᠮᠲᠦ ᠶᠢᠨ ᠲᠡᠷᠢᠭᠦᠨ ᠣᠨ︶ ᠳᠤ ᠳ᠋ᠠ ᠨᠢᠩ ᠵᠠᠰᠠᠭ ᠪᠠᠶᠢᠭᠤᠯᠬᠤ | ᠲᠣᠪᠴᠢᠶ᠎ᠠ ᠶᠢᠨ ᠳᠣᠲᠣᠭᠠᠲᠤ ᠶᠢ ᠬᠠᠮᠠᠭᠠᠯᠠᠬᠤ ᠲᠣᠪᠴᠢᠶ᠎ᠠ ᠶᠢ ᠨᠢᠩᠴᠧᠩ ᠰᠢᠶᠠᠨ ᠤ ᠴᠠᠭᠳᠠᠭᠠᠨ ᠤ ᠶᠠᠪᠣᠳᠠᠯ ᠤᠨ ᠲᠣᠪᠴᠢᠶ᠎ᠠ ᠪᠣᠯᠭᠠᠨ ᠥᠭᠡᠷᠡᠴᠢᠯᠡᠵᠦ᠂ | ᠬᠤᠵᠢᠮ ᠨᠢ ᠴᠠᠭᠳᠠᠭᠠᠨ ᠤ ᠶᠠᠪᠣᠳᠠᠯ ᠤᠨ ᠰᠠᠯᠪᠣᠷᠢ ᠭᠡᠪᠡ᠃ 1937 ᠣᠨ ︵ᠬᠠᠭᠤᠷᠮᠠᠭ ᠮᠠᠨᠵᠤ ᠶᠢᠨ ᠡᠩᠬᠡ ᠡᠷᠳᠡᠮᠲᠦ ᠶᠢᠨ 4 ᠣᠨ︶ ᠳᠤ ᠬᠤᠰᠢᠭᠤ᠂ ᠰᠢᠶᠠᠨ | ᠵᠡᠷᠭᠡᠲᠡ ᠪᠠᠶᠢᠵᠤ᠂ ᠣᠩᠨᠢᠭᠤᠳ ᠵᠡᠭᠦᠨ ᠬᠤᠰᠢᠭᠤ ᠶᠢᠨ ᠵᠠᠬᠢᠷᠭ᠎ᠠ᠂ ᠠᠣᠬᠠᠨ ᠬᠤᠰᠢᠭᠤ ᠶᠢᠨ ᠵᠠᠬᠢᠷᠭ᠎ᠠ᠂ ᠰᠢᠠ ᠡᠾᠦ᠋ᠢ ᠰᠢᠶᠠᠨ ᠤ ᠵᠠᠬᠢᠷᠭ᠎ᠠ᠂ ᠬᠠᠷᠠᠴᠢᠨ ᠳᠣᠮᠳᠠ | ᠬᠤᠰᠢᠭᠤ ᠶᠢᠨ ᠵᠠᠬᠢᠷᠭ᠎ᠠ ᠨᠢ ᠴᠠᠭᠳᠠᠭᠠᠨ ᠶᠠᠪᠤᠳᠠᠯ ᠤᠨ ᠰᠠᠯᠠᠭ᠎ᠠ ᠭᠠᠷᠭᠠᠪᠠ᠃ ᠡᠯ᠎ᠡ ᠬᠤᠰᠢᠭᠤ ᠰᠢᠶᠠᠨ ᠳᠤ ᠴᠦᠮ ᠴᠠᠭᠳᠠᠭᠠᠨ ᠵᠠᠬᠢᠷᠭ᠎ᠠ ᠭᠠᠷᠭᠠᠵᠤ᠂ ᠪᠦᠬᠦ | ᠠᠶᠢᠮᠠᠭ ᠲᠤ ᠨᠡᠶᠢᠲᠡ 60 ᠭᠠᠷᠣᠢ ᠴᠠᠭᠳᠠᠭᠠᠨ ᠵᠠᠬᠢᠷᠭ᠎ᠠ ᠪᠠᠶᠢᠪᠠ᠃ ᠵᠠᠬᠢᠷᠭ᠎ᠠ ᠶᠢᠨ ᠳᠣᠣᠷ᠎ᠠ ᠴᠠᠭᠳᠠᠭᠠᠨ ᠤ ᠬᠤᠪᠢᠶᠠᠷᠢ ᠰᠠᠯᠪᠣᠷᠢ᠂ ᠲᠣᠮᠢᠯᠠᠬᠰᠠᠨ ᠰᠠᠯᠪᠤᠷᠢ ᠶᠢ | ᠪᠠᠶᠢᠭᠤᠯᠵᠤ᠂ ᠴᠠᠭᠳᠠᠭᠠᠨ ᠶᠠᠪᠣᠳᠠᠯ ᠤᠨ ᠰᠠᠯᠠᠭ᠎ᠠ ᠶᠢᠨ ᠴᠢᠬᠤᠯᠠ ᠲᠣᠰᠢᠶᠠᠯ ᠤᠳ ᠢ ᠶᠠᠫᠣᠨ ᠬᠦᠮᠦᠨ ᠬᠠᠷᠢᠭᠤᠴᠠᠪᠠ᠃ | 1939 ᠣᠨ — 1940 ᠣᠨ ᠳᠤ ᠬᠤᠰᠢᠭᠤ ᠶᠢ ᠦᠯᠡᠳᠡᠭᠡᠨ ᠰᠢᠶᠠᠨ ᠢ ᠬᠠᠰᠦᠵᠦ᠂ ᠨᠢᠩᠴᠧᠩ ᠰᠢᠶᠠᠨ ᠤ ᠵᠠᠬᠢᠷᠭ᠎ᠠ ᠶᠢᠨ ᠴᠠᠭᠳᠠᠭᠠᠨ ᠶᠠᠪᠣᠳᠠᠯ ᠤᠨ | ᠰᠠᠯᠠᠭ᠎ᠠ ᠪᠣᠯᠣᠨ ᠰᠢᠠ ᠡᠾᠦ᠋ᠢ ᠰᠢᠶᠠᠨ ᠤ ᠵᠠᠬᠢᠷᠭ᠎ᠠ ᠶᠢᠨ ᠴᠠᠭᠳᠠᠭᠠᠨ ᠶᠠᠪᠣᠳᠠᠯ ᠤᠨ ᠰᠠᠯᠠᠭ᠎ᠠ ᠶᠢ ᠬᠠᠰᠤᠵᠤ᠂ ᠠᠵᠢᠯᠲᠠᠠ ᠢ ᠨᠢ ᠬᠠᠷᠠᠴᠢᠨ ᠳᠣᠮᠳᠠ ᠬᠤᠰᠢᠭᠤ ᠶᠢᠨ | ᠵᠠᠬᠢᠷᠭ᠎ᠠ ᠶᠢᠨ ᠴᠠᠭᠳᠠᠭᠠᠨ ᠶᠠᠪᠣᠳᠠᠯ ᠤᠨ ᠰᠠᠯᠠᠭ᠎ᠠ ᠪᠣᠯᠣᠨ ᠠᠣᠬᠠᠨ ᠬᠤᠰᠢᠭᠤ ᠶᠢᠨ ᠵᠠᠬᠢᠷᠭ᠎ᠠ ᠶᠢᠨ ᠴᠠᠭᠳᠠᠭᠠᠨ ᠶᠠᠪᠣᠳᠠᠯ ᠤᠨ ᠰᠠᠯᠠᠭ᠎ᠠ ᠳᠤ ᠰᠢᠯᠵᠢᠭᠦᠯᠪᠡ᠃ | ᠤᠯᠠᠭᠠᠨᠬᠠᠳᠠ ᠰᠢᠶᠠᠨ ᠤ ᠴᠠᠭᠳᠠᠭᠠᠨ ᠶᠠᠪᠣᠳᠠᠯ ᠤᠨ ᠲᠣᠪᠴᠢᠶ᠎ᠠ ᠶᠢ ᠣᠩᠨᠢᠭᠤᠳ ᠪᠠᠷᠠᠭᠤᠨ ᠬᠤᠰᠢᠭᠤ ᠶᠢᠨ ᠴᠠᠭᠳᠠᠭᠠᠨ ᠶᠠᠪᠣᠳᠠᠯ ᠤᠨ ᠰᠠᠯᠠᠭ᠎ᠠ ᠪᠣᠯᠭᠠᠵᠤ | ᠥᠭᠡᠷᠡᠴᠢᠯᠡᠪᠡ᠃ | ᠶᠠᠫᠣᠨ ᠪᠠᠭᠤᠵᠤ ᠦᠭᠭᠦᠭᠰᠡᠨ ᠠᠴᠠ ᠰᠡᠭᠦᠯᠡᠷ ᠬᠠᠭᠤᠷᠮᠠᠭ ᠮᠠᠨᠵᠤ ᠶᠢᠨ ᠴᠠᠭᠲᠠᠭᠠᠨ ᠪᠠᠶᠢᠭᠤᠯᠣᠮᠵᠢ ᠵᠠᠳᠠᠷᠠᠪᠠ᠃ | 1946 ᠣᠨ ᠤ 8 ᠰᠠᠷ᠎ᠠ ᠳᠤ ᠭᠤᠮᠢᠨᠳᠠᠩ ᠤᠨ ᠴᠡᠷᠢᠭ ᠲᠢᠶᠠᠨ ᠢ ᠶᠢ ᠡᠵᠡᠯᠡᠭᠰᠡᠨ ᠠᠴᠠ ᠰᠡᠭᠦᠯᠡᠷ ᠲᠢᠶᠠᠨ ᠢ ᠳᠤ ᠨᠢᠩᠴᠧᠩ ᠰᠢᠶᠠᠨ ᠤ ᠴᠠᠭᠳᠠᠭᠠᠨ | ᠲᠣᠪᠴᠢᠶ᠎ᠠ ᠶᠢ ᠪᠠᠶᠢᠭᠤᠯᠵᠤ᠂ ᠳᠣᠣᠷ᠎ᠠ ᠨᠢ ᠰᠢᠶᠣᠣ ᠴᠧᠩᠽᠢ ᠪᠣᠯᠣᠨ ᠰᠢ ᠽᠢ ᠬᠤᠶᠠᠷ ᠬᠤᠪᠢᠶᠠᠷᠢ ᠳᠣᠪᠴᠢᠶ᠎ᠠ ᠪᠣᠯᠣᠨ 7 ᠰᠠᠯᠪᠣᠷᠢ ᠭᠠᠷᠭᠠᠪᠠ᠃ ᠮᠦᠨ ᠵᠢᠯ ᠤᠨ | 10 ᠰᠠᠷ᠎ᠠ ᠳᠤ ᠭᠤᠮᠢᠨᠳᠠᠩ ᠤᠨ ᠴᠡᠷᠢᠭ ᠤᠯᠠᠭᠠᠨᠬᠠᠳᠠ ᠶᠢ ᠡᠵᠡᠯᠡᠵᠦ᠂ ᠤᠯᠠᠭᠠᠨᠬᠠᠳᠠ ᠳᠤ ᠤᠯᠠᠭᠠᠨᠬᠠᠳᠠ ᠰᠢᠶᠠᠨ ᠤ ᠴᠠᠭᠳᠠᠭ᠎ᠠ ᠶᠢᠨ ᠲᠣᠪᠴᠢᠶ᠎ᠠ ᠶᠢ ᠪᠠᠶᠢᠭᠤᠯᠤᠨ᠂ | ᠬᠤᠲᠠ ᠶᠢᠨ ᠳᠣᠲᠤᠷ᠎ᠠ ᠨᠢᠭᠡᠲᠦᠭᠡᠷ ᠬᠤᠪᠢᠶᠠᠷᠢ ᠲᠣᠪᠴᠢᠶ᠎ᠠ ᠭᠠᠷᠭᠠᠵᠤ᠂ 7 ᠲᠣᠮᠢᠯᠠᠬᠰᠠᠨ ᠰᠠᠯᠪᠣᠷᠢ ᠶᠢ ᠰᠢᠭᠤᠳ ᠬᠠᠷᠢᠶᠠᠯᠠᠪᠠ᠃ | | | | |