| 1945 ᠣᠨ ᠤ 9 ᠰᠠᠷ᠎ᠠ ᠠᠴᠠ 11 ᠰᠠᠷ᠎ᠠ ᠳᠤ ᠿᠧᠵᠦ᠋ᠩ ᠤᠨ ᠲᠣᠰᠬᠠᠢ ᠲᠣᠰᠢᠶᠠᠯᠲᠠᠨ ᠤ ᠵᠠᠬᠢᠷᠭ᠎ᠠ ᠪᠣᠯᠣᠨ ᠿᠧᠪᠧᠢ ᠶᠢᠨ ᠲᠣᠰᠬᠠᠢ ᠲᠣᠰᠢᠶᠠᠯᠲᠠᠨ ᠤ | ᠵᠠᠬᠢᠷᠭ᠎ᠠ ᠨᠢ ᠤᠷᠢᠳ ᠬᠤᠵᠢᠳ ᠳᠣᠲᠤᠭᠠᠳᠤ ᠶᠢ ᠬᠠᠮᠠᠭᠠᠯᠠᠬᠤ ᠰᠠᠯᠠᠭ᠎ᠠ ᠪᠠᠶᠢᠭᠤᠯᠵᠤ᠂ ᠬᠤᠵᠢᠮ ᠨᠢ ᠳᠣᠲᠤᠭᠠᠳᠤ ᠶᠢ ᠬᠠᠮᠠᠭᠠᠯᠠᠬᠤ ᠭᠠᠵᠠᠷ ᠪᠣᠯᠭᠠᠨ ᠥᠭᠡᠷᠡᠴᠢᠯᠡᠪᠡ᠃ | ᠡᠯ᠎ᠡ ᠲᠣᠰᠬᠠᠢ ᠲᠣᠰᠢᠶᠠᠯᠲᠠᠨ ᠤ ᠵᠠᠬᠢᠷᠭ᠎ᠠ ᠶᠢᠨ ᠬᠠᠷᠢᠶᠠᠯᠠᠵᠤ ᠪᠦᠬᠦᠢ ᠬᠤᠰᠢᠭᠤ᠂ ᠰᠢᠶᠠᠨ᠂ ᠬᠤᠲᠠ ᠶᠢᠨ ᠵᠠᠰᠠᠭ ᠤᠨ ᠣᠷᠳᠤᠨ ᠨᠢ ᠳᠣᠲᠤᠭᠠᠳᠤ ᠶᠢ ᠬᠠᠮᠠᠭᠠᠯᠠᠬᠤ | ᠰᠠᠯᠠᠭ᠎ᠠ ᠪᠠᠶᠢᠭᠤᠯᠵᠤ᠂ ᠬᠤᠵᠢᠮ ᠨᠢ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠪᠣᠯᠭᠠᠨ ᠥᠭᠡᠷᠡᠴᠢᠯᠡᠪᠡ᠃ ᠴᠢᠤᠢ ᠳᠤ ᠠᠮᠤᠷ ᠢ ᠬᠠᠮᠠᠭᠠᠯᠠᠭᠴᠢ ᠲᠣᠬᠢᠷᠠᠭᠤᠯᠪᠠ᠃ | 1947 ᠣᠨ ᠤ 7 ᠰᠠᠷ᠎ᠠ ᠳᠤ ᠵᠤᠤ ᠤᠳᠠ ᠠᠶᠢᠮᠠᠭ ᠤᠨ ᠲᠦᠷ ᠴᠠᠭ ᠤᠨ ᠵᠠᠰᠠᠭ ᠵᠠᠬᠢᠷᠭᠠᠨ ᠤ ᠵᠦᠪᠯᠡᠯ ᠨᠢ ᠳᠣᠲᠤᠭᠠᠳᠤ ᠶᠢ ᠬᠠᠮᠠᠭᠠᠯᠠᠬᠤ ᠭᠠᠵᠠᠷ ᠢ | ᠪᠠᠶᠢᠭᠤᠯᠪᠠ᠃ ᠮᠦᠨ ᠵᠢᠯ ᠤᠨ 12 ᠰᠠᠷ᠎ᠠ ᠳᠤ ᠪᠣᠷᠣᠬᠤᠲᠠ ᠶᠢᠨ ᠲᠣᠰᠬᠠᠢ ᠲᠣᠰᠢᠶᠠᠯᠲᠠᠨ ᠤ ᠵᠠᠬᠢᠷᠭ᠎ᠠ ᠨᠢ ᠳᠣᠲᠤᠭᠠᠳᠤ ᠶᠢ ᠬᠠᠮᠠᠭᠠᠯᠠᠬᠤ ᠭᠠᠵᠠᠷ ᠢ ᠪᠠᠶᠢᠭᠤᠯᠵᠤ᠂ | ᠬᠤᠵᠢᠮ ᠨᠢ ᠬᠠᠰᠣᠪᠠ᠃ | 1947 ᠣᠨ ᠤ ᠡᠬᠢ ᠪᠠᠷ ᠵᠤᠤ ᠤᠳᠠ ᠠᠶᠢᠮᠠᠭ ᠤᠨ ᠲᠦᠷ ᠴᠠᠭ ᠤᠨ ᠵᠠᠰᠠᠭ ᠵᠠᠬᠢᠷᠭᠠᠨ ᠤ ᠵᠦᠪᠯᠡᠯ ᠤᠨ ᠳᠣᠲᠤᠭᠠᠳᠤ ᠶᠢ ᠬᠠᠮᠠᠭᠠᠯᠠᠬᠤ ᠭᠠᠵᠠᠷ ᠢ | ᠳᠣᠲᠤᠭᠠᠳᠤ ᠶᠢ ᠬᠠᠮᠠᠭᠠᠯᠠᠬᠤ ᠬᠤᠪᠢᠶᠠᠷᠢ ᠭᠠᠵᠠᠷ ᠪᠣᠯᠭᠠᠨ ᠥᠭᠡᠷᠡᠴᠢᠯᠡᠵᠦ᠂ ᠮᠦᠨ ᠵᠢᠯ ᠤᠨ 9 ᠰᠠᠷ᠎ᠠ ᠳᠤ ᠵᠤᠤ ᠤᠳᠠ ᠠᠶᠢᠮᠠᠭ ᠤᠨ ᠠᠷᠠᠳ ᠤᠨ ᠵᠠᠰᠠᠭ ᠤᠨ | ᠣᠷᠳᠤᠨ ᠤ ᠳᠣᠲᠤᠭᠠᠳᠤ ᠶᠢ ᠬᠠᠮᠠᠭᠠᠯᠠᠬᠤ ᠭᠠᠵᠠᠷ ᠭᠡᠵᠦ ᠲᠠᠬᠢᠨ ᠥᠭᠡᠷᠡᠴᠢᠯᠡᠪᠡ᠃ 1948 ᠣᠨ ᠤ 7 ᠰᠠᠷ᠎ᠠ ᠳᠤ ᠳᠣᠲᠤᠭᠠᠳᠤ ᠶᠢ ᠬᠠᠮᠠᠭᠠᠯᠠᠬᠤ ᠬᠤᠪᠢᠶᠠᠷᠢ | ᠭᠠᠵᠠᠷ ᠢ ᠳᠣᠲᠤᠭᠠᠲᠤ ᠶᠢ ᠬᠠᠮᠠᠭᠠᠯᠠᠬᠤ ᠭᠠᠵᠠᠷ ᠭᠡᠵᠦ ᠥᠭᠡᠷᠡᠴᠢᠯᠡᠵᠡᠢ᠃ | 1949 ᠣᠨ ᠠᠴᠠ ᠰᠡᠭᠦᠯᠡᠷ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠳᠤ ᠴᠦᠮ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠭᠤᠯᠪᠠ᠃ 1952 | ᠣᠨ ᠳᠤ ᠤᠯᠠᠭᠠᠨᠬᠠᠳᠠ ᠬᠤᠲᠠ ᠪᠣᠯᠣᠨ ᠰᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠶᠢ ᠨᠡᠶᠢᠯᠡᠭᠦᠯᠵᠦ᠂ ᠤᠯᠠᠭᠠᠨᠬᠠᠳᠠ ᠰᠢᠶᠠᠨ ᠤ ᠳᠣᠲᠤᠭᠠᠳᠤ ᠶᠢ | ᠬᠠᠮᠠᠭᠠᠯᠠᠬᠤ ᠲᠣᠪᠴᠢᠶ᠎ᠠ ᠭᠡᠵᠦ ᠨᠡᠷᠡᠶᠢᠳᠪᠡ᠃ 1956 ᠣᠨ ᠳᠤ ᠣᠩᠨᠢᠭᠤᠳ ᠬᠤᠰᠢᠭᠤ ᠪᠣᠯᠣᠨ ᠪᠣᠷᠣᠬᠤᠲᠠ ᠰᠢᠶᠠᠨ ᠤ ᠳᠣᠲᠤᠭᠠᠳᠤ ᠶᠢ ᠬᠠᠮᠠᠭᠠᠯᠠᠬᠤ | ᠲᠣᠪᠴᠢᠶ᠎ᠠ ᠶᠢ ᠨᠡᠶᠢᠯᠡᠭᠦᠯᠵᠦ᠂ ᠣᠩᠨᠢᠭᠤᠳ ᠬᠤᠰᠢᠭᠤᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠪᠣᠯᠭᠠᠪᠠ᠃ 1958 ᠣᠨ ᠳᠤ ᠵᠤᠤ ᠤᠳᠠ ᠠᠶᠢᠮᠠᠭ ᠤᠨ | ᠵᠠᠰᠠᠭ ᠤᠨ ᠣᠷᠳᠤᠨ ᠤ ᠳᠣᠲᠤᠭᠠᠳᠤ ᠶᠢ ᠬᠠᠮᠠᠭᠠᠯᠠᠬᠤ ᠭᠠᠵᠠᠷ ᠢ ᠵᠤᠤ ᠤᠳᠠ ᠠᠶᠢᠮᠠᠭ ᠤᠨ ᠵᠠᠬᠢᠷᠭ᠎ᠠ ᠶᠢᠨ ᠳᠣᠲᠤᠭᠠᠳᠤ ᠶᠢ ᠬᠠᠮᠠᠭᠠᠯᠠᠬᠤ ᠭᠠᠵᠠᠷ ᠭᠡᠵᠦ | ᠥᠭᠡᠷᠡᠴᠢᠯᠡᠨ ᠨᠡᠷᠡᠶᠢᠳᠪᠡ᠃ 1959 ᠣᠨ ᠳᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ ᠭᠤᠷᠪᠠᠨ | ᠪᠠᠶᠢᠭᠤᠯᠭ᠎ᠠ ᠶᠢ ᠨᠡᠶᠢᠯᠡᠭᠦᠯᠵᠦ᠂ ᠤᠯᠤᠰ ᠲᠥᠷᠥ ᠬᠠᠣᠯᠢ ᠴᠠᠭᠠᠵᠠ ᠳᠣᠲᠤᠭᠠᠳᠤ ᠶᠢ ᠬᠠᠮᠠᠭᠠᠯᠠᠬᠤ ᠬᠡᠯᠲᠡᠰ ᠭᠡᠵᠦ ᠨᠡᠷᠡᠶᠢᠳᠦᠭᠡᠳ᠂ ᠮᠦᠨ ᠵᠢᠯ ᠤᠨ ᠡᠴᠦᠰ ᠲᠤ | ᠣᠣᠯ ᠪᠠᠶᠢᠭᠤᠯᠤᠮᠵᠢ ᠶᠢ ᠰᠡᠷᠭᠦᠭᠡᠪᠡ᠃ | | | | 1967 ᠣᠨ ᠤ 9 ᠰᠠᠷ᠎ᠠ ᠳᠤ ᠲᠣᠲᠣᠭᠠᠲᠣ ᠶᠢ ᠬᠠᠮᠠᠭᠠᠯᠠᠬᠤ ᠪᠠᠶᠢᠭᠤᠯᠭ᠎ᠠ ᠶᠢ ᠳᠣᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠵᠤᠤ ᠤᠳᠠ | ᠠᠶᠢᠮᠠᠭ ᠤᠨ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠡᠷᠢᠭ ᠢᠶᠠᠷ ᠵᠠᠬᠢᠷᠬᠤ ᠵᠦᠪᠯᠡᠯ ᠣᠷᠣᠯᠠᠵᠤ᠂ 1969 ᠣᠨ ᠤ 11 ᠰᠠᠷ᠎ᠠ ᠳᠤ ᠳᠣᠮᠳᠠᠳᠤ | ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠵᠤᠤ ᠤᠳᠠ ᠠᠶᠢᠮᠠᠭ ᠤᠨ ᠲᠣᠲᠣᠭᠠᠲᠤ ᠶᠢ ᠬᠠᠮᠠᠭᠠᠯᠠᠬᠤ᠂ ᠪᠠᠶᠢᠴᠠᠭᠠᠬᠤ᠂ ᠰᠢᠬᠦᠬᠦ ᠪᠠᠶᠢᠭᠤᠯᠭ᠎ᠠ ᠶᠢᠨ ᠴᠡᠷᠢᠭ ᠢᠶᠠᠷ | ᠵᠠᠬᠢᠷᠬᠤ ᠵᠦᠪᠯᠡᠯ ᠭᠡᠵᠦ ᠨᠡᠷᠡᠶᠢᠳᠪᠡ᠃ 1971 ᠣᠨ ᠤ 1 ᠰᠠᠷ᠎ᠠ ᠳᠤ ᠴᠡᠷᠢᠭ ᠢᠶᠠᠷ ᠵᠠᠬᠢᠷᠬᠤ ᠶᠢ ᠬᠠᠰᠤᠵᠤ᠂ ᠵᠤᠤ ᠤᠳᠠ ᠠᠶᠢᠮᠠᠭ ᠤᠨ ᠬᠤᠪᠢᠰᠬᠠᠯ ᠤᠨ | ᠵᠦᠪᠯᠡᠯ ᠤᠨ ᠠᠷᠠᠳ ᠤᠨ ᠠᠮᠦᠷ ᠢ ᠬᠠᠮᠠᠭᠠᠯᠠᠬᠤ ᠳᠤᠭᠤᠶᠢᠯᠠᠩ ᠭᠡᠵᠦ ᠥᠭᠡᠷᠡᠴᠢᠯᠡᠪᠡ᠃ 1973 ᠣᠨ ᠳᠤ ᠵᠤᠤ ᠤᠳᠠ ᠠᠶᠢᠮᠠᠭ ᠤᠨ ᠳᠣᠲᠤᠭᠠᠳᠤ ᠶᠢ ᠬᠠᠮᠠᠭᠠᠯᠠᠬᠤ | ᠲᠣᠪᠴᠢᠶ᠎ᠠ ᠪᠣᠯᠣᠨ 11 ᠬᠤᠰᠢᠭᠤ᠂ ᠰᠢᠶᠠᠨ᠂ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠶᠢ ᠰᠡᠷᠭᠦᠭᠡᠵᠡᠢ᠃ | 1983 ᠣᠨ ᠤ 10 ᠰᠠᠷ᠎ᠠ ᠳᠤ ᠵᠤᠤ ᠤᠳᠠ ᠠᠶᠢᠮᠠᠭ ᠤᠨ ᠳᠣᠲᠤᠭᠠᠲᠤ ᠶᠢ ᠬᠠᠮᠠᠭᠠᠯᠠᠬᠤ ᠭᠠᠵᠠᠷ ᠢ ᠤᠯᠠᠭᠠᠨᠬᠠᠳᠠ ᠬᠤᠲᠠ ᠶᠢᠨ ᠲᠣᠲᠣᠭᠠᠲᠤ ᠶᠢ ᠬᠠᠮᠠᠭᠠᠯᠠᠬᠤ | ᠲᠣᠪᠴᠢᠶ᠎ᠠ ᠪᠣᠯᠭᠠᠵᠤ᠂ ᠤᠤᠯ ᠤᠨ ᠤᠯᠠᠭᠠᠨᠬᠠᠳᠠ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠶᠢ ᠤᠯᠠᠭᠠᠨᠬᠠᠳᠠ ᠬᠤᠲᠠ ᠶᠢᠨ ᠲᠣᠲᠣᠭᠠᠲᠤ ᠶᠢ | ᠬᠠᠮᠠᠭᠠᠯᠠᠬᠤ ᠲᠣᠪᠴᠢᠶ᠎ᠠ ᠶᠢᠨ ᠬᠤᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠣᠯᠭᠠᠵᠤ᠂ ᠤᠯᠠᠭᠠᠨᠬᠠᠳᠠ ᠰᠢᠶᠠᠨ ᠤ | ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠶᠢ ᠤᠯᠠᠭᠠᠨᠬᠠᠳᠠ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠶᠢᠨ ᠲᠡᠭᠦᠷᠭᠡ ᠲᠣᠭᠤᠷᠢᠭ ᠤᠨ ᠬᠤᠪᠢᠶᠠᠷᠢ | ᠲᠣᠪᠴᠢᠶ᠎ᠠ ᠪᠣᠯᠭᠠᠨ ᠥᠭᠡᠷᠡᠴᠢᠯᠡᠵᠦ᠂ ᠤᠯᠠᠭᠠᠨᠬᠠᠳᠠ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠶᠢᠨ ᠶᠣᠸᠠᠨ ᠪᠣᠤ ᠱᠠᠨ ᠲᠣᠭᠤᠷᠢᠭ ᠤᠨ | ᠲᠣᠲᠣᠭᠠᠲᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢ ᠨᠡᠮᠡᠵᠦ ᠪᠠᠶᠢᠭᠤᠯᠪᠠ᠃ | | | | |