| 11 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠠᠤᠬᠠᠨ ᠬᠤᠰᠢᠭᠤ ᠪᠣᠯᠤᠨ ᠬᠠᠷᠠᠴᠢᠨ | ᠬᠤᠰᠢᠭᠤᠨ ᠳᠤ ᠬᠦᠷᠴᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠦᠢᠯᠡᠰ ᠪᠣᠯᠤᠨ ᠦᠨᠳᠦᠰᠦᠨ | ᠱᠠᠲᠤᠨ ᠤ ᠵᠠᠰᠠᠯᠲᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠮᠧᠩ ᠰᠢᠶᠤᠤ ᠪᠢᠩ ᠬᠠᠮᠲᠤ ᠪᠠᠷ ᠪᠠᠶᠢᠴᠠᠭᠠᠨ ᠰᠤᠳᠤᠯᠤᠯᠲᠠ | ᠬᠢᠪᠡ᠃ | ᠲᠠᠩ ᠢ ᠬᠠᠷᠠᠴᠢᠨ ᠬᠤᠰᠢᠭᠤᠨ ᠤ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠪᠣᠯᠤᠨ ᠮᠠ ᠠᠨ ᠱᠠᠨ ᠤᠢ ᠰᠢᠭᠤᠢ ᠶᠢᠨ ᠲᠠᠯᠠᠪᠠᠢ ᠳᠤ | ᠬᠦᠷᠴᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠬᠢᠨ | ᠡᠷᠭᠢᠴᠡᠭᠦᠯᠵᠦ᠂ ᠠᠤᠬᠠᠨ ᠬᠤᠰᠢᠭᠤ᠂ ᠬᠠᠷᠠᠴᠢᠨ ᠬᠤᠰᠢᠭᠤᠨ ᠤ ᠬᠡᠰᠡᠭ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ | ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠦᠨᠳᠦᠰᠦᠨ ᠱᠠᠲᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠤᠯᠠᠨ ᠲᠦᠮᠡᠨ ᠤ ᠭᠡᠷ ᠲᠤ ᠬᠦᠷᠴᠦ᠂ | ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠨᠡᠶᠢᠭᠡᠮ ᠲᠣᠭᠤᠷᠢᠭ ᠤᠨ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠢ ᠨᠢ | ᠣᠶᠢᠯᠠᠭᠠᠪᠠ᠃ | ᠲᠠᠩ ᠢ ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ | ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠨᠡᠬᠦ ᠬᠥᠬᠡ ᠠᠭᠤᠯᠠ ᠬᠦᠬᠡᠮᠳᠦᠭ ᠤᠰᠤ᠂ ᠠᠷᠢᠭᠤᠨ ᠲᠤᠩᠭᠠᠯᠠᠭ ᠣᠷᠴᠢᠨ ᠲᠣᠭᠤᠷᠢᠨ ᠢᠶᠠᠨ | ᠰᠠᠶᠢᠲᠤᠷ ᠰᠠᠬᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠵᠦ᠂ ᠬᠥᠬᠡᠮᠳᠦᠭ | ᠨᠣᠭᠤᠭᠠᠨ ᠠᠭᠤᠯᠠ ᠤᠰᠤ᠂ᠴᠡᠪᠡᠷ ᠲᠤᠩᠭᠠᠯᠠᠭ ᠣᠷᠴᠢᠨ ᠲᠣᠭᠤᠷᠢᠨ ᠨᠢ ᠰᠢᠨ᠎ᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠳᠤ | ᠤᠯᠠᠭᠠᠨᠬᠠᠳᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ | ᠂ ᠪᠦᠬᠦ ᠬᠤᠳᠠ ᠶᠢᠨ ︽ᠨᠢᠭᠡ ᠬᠦᠯᠭᠡ ᠰᠢᠳᠠᠷ᠎ᠠ︾ ᠶᠢ ᠪᠠᠷᠢᠮᠲᠠᠯᠠᠵᠤ᠂ ᠡᠯ᠎ᠡ ᠭᠠᠵᠠᠷ ᠤᠨ ᠳᠠᠪᠠᠭᠤᠯᠢᠭ ᠨᠥᠬᠦᠴᠡᠯ ᠪᠣᠯᠤᠨ ᠣᠨᠴᠠᠯᠢᠭ ᠲᠤ ᠰᠠᠭᠤᠷᠢᠯᠠᠨ | ᠵᠦᠷᠢᠶᠡᠴᠢᠯᠡᠭᠰᠡᠨ ᠬᠥᠭᠵᠢᠯᠲᠡ ᠶᠢ ᠪᠡᠶᠡᠯᠡᠭᠦᠯᠬᠦ ᠪᠠᠷ ᠪᠠᠷᠠᠬᠤ ᠦᠭᠡᠢ᠂ ᠨᠡᠩ ᠴᠤ ᠡᠬᠢ ᠪᠠᠶᠠᠯᠢᠭ ᠤᠨ ᠬᠦᠴᠦᠨ ᠢ ᠨᠡᠶᠢᠳᠬᠡᠵᠦ ᠭᠤᠣᠯᠳᠠᠯᠭ᠎ᠠ ᠲᠠᠢ ᠣᠷᠣᠨ | ᠪᠦᠰᠡ ᠶᠢ ᠰᠢᠪᠲᠤᠯᠵᠤ᠂ ᠭᠤᠣᠯᠯᠠᠬᠤ ᠠᠵᠤ ᠦᠢᠯᠡᠰ ᠢ ᠴᠣᠭᠴᠠᠯᠠᠵᠤ᠂ ᠲᠥᠪᠯᠡᠷᠡᠭᠰᠡᠨ ᠬᠡᠪᠴᠢᠶᠡᠨ ᠤ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠤᠨᠴᠠᠯᠢᠬᠳᠤ | ᠲᠠᠷᠢᠶᠠᠯᠠᠩ ᠮᠠᠯ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ ᠶᠢ ᠢᠳᠡᠪᠬᠢᠲᠡᠢ ᠠᠬᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠬᠦ ᠶᠢ ᠥᠷᠨᠢᠭᠦᠯᠵᠦ᠂ ᠦᠢᠯᠡᠳᠬᠦᠨ ᠤ ᠨᠡᠮᠡᠯᠲᠡ | ᠦᠷᠳᠡᠭ ᠢ ᠳᠡᠭᠡᠭᠰᠢᠯᠡᠭᠦᠯᠬᠦ ᠶᠢᠨ ᠬᠠᠮᠲᠤ ᠤᠬᠠᠭᠤᠯᠤᠨ ᠲᠠᠨᠢᠯᠴᠠᠭᠤᠯᠬᠤ ᠪᠠᠨ ᠴᠢᠩᠭᠠᠳᠬᠠᠵᠤ᠂ ᠲᠦᠷᠦᠯ ᠲᠡᠮᠳᠡᠭ ᠢ ᠡᠭᠦᠳᠴᠦ᠂ ᠪᠣᠷᠣᠯᠠᠭᠤᠯᠭ᠎ᠠ ᠶᠢᠨ ᠵᠠᠮ ᠢᠶᠠᠨ | ᠥᠷᠭᠡᠳᠬᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ | ᠪᠠᠬᠢᠵᠢᠭᠦᠯᠦᠨ ᠥᠷᠭᠡᠳᠬᠡᠵᠦ᠂ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠨᠡᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ | ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠪᠣᠯᠤᠨ | ᠬᠤᠷᠢᠶᠠᠨ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠬᠠᠳᠠᠭᠠᠯᠠᠬᠤ ᠶᠠᠰᠤ ᠴᠢᠨᠠᠷ ᠪᠣᠯᠤᠨ ᠲᠥᠬᠦᠭᠡᠷᠦᠮᠵᠢ ᠶᠢᠨ ᠠᠮᠤᠷ ᠲᠦᠪᠰᠢᠨ ᠢ ᠴᠢᠩᠭ᠎ᠠ ᠬᠢᠨᠠᠨ ᠬᠠᠮᠢᠶᠠᠷᠴᠤ᠂ | ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠲᠤᠮᠤ ᠳ᠋ᠠᠶᠢᠲ᠋ᠠ ᠪᠣᠯᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠬᠦ ᠶᠢ ᠴᠢᠩᠭᠠᠳᠬᠠᠵᠤ᠂ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠤᠯᠠᠨ ᠲᠦᠮᠡᠨ ᠲᠠᠢ | ᠨᠢᠭᠲᠠ ᠬᠠᠷᠢᠯᠴᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠣᠯᠤᠨ ︽ᠤᠳᠠᠭᠠᠨ | ᠪᠦᠳᠦᠭᠦᠯᠢᠭ ᠬᠤᠭᠤᠰᠤᠮ︾ ᠠᠰᠠᠭᠤᠳᠠᠯ ᠢ ᠵᠠᠯᠠᠷᠠᠭᠤᠯᠤᠨ ᠵᠠᠰᠠᠬᠤ ᠶᠢ ᠲᠦᠷᠭᠡᠳᠬᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ | ᠤᠯᠠᠨ ᠲᠦᠮᠡᠨ ᠤ ᠠᠵᠢᠯ ᠢ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠲᠡᠩᠴᠡᠭᠦᠷᠢᠲᠡᠢ ᠲᠤᠬᠢᠷᠠᠭᠤᠯᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠠᠵᠢᠯᠳᠠᠨ ᠤ ᠲᠤᠰᠬᠠᠢ ᠮᠡᠷᠭᠡᠵᠢᠯ ᠤᠨ ᠬᠡᠪ ᠴᠢᠨᠠᠷ ᠪᠣᠯᠤᠨ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠠᠷ ᠦᠷᠭᠦᠯᠵᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | |