ᠤᠶᠢᠷ᠎ᠠ ᠶᠢᠨ ᠵᠢᠯ ᠳᠤ ᠬᠤᠩᠱᠠᠨ ᠲᠣᠭᠤᠷᠢᠭ ᠦᠵᠡᠮᠦᠷᠢ ᠶᠢᠨ ᠴᠡᠴᠡᠭ᠂ ᠵᠢᠮᠢᠰ ᠨᠤᠭᠤᠭ᠎ᠠ᠂ ᠬᠢᠲᠠᠳ ᠡᠮ ᠵᠡᠷᠭᠡ ᠭᠤᠣᠯ ᠪᠣᠯᠬᠤ ᠠᠵᠤ ᠦᠢᠯᠡᠰ ᠢ | ᠦᠷᠭᠦᠯᠵᠢᠯᠡᠨ ᠪᠤᠵᠠᠭᠠᠶᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠭᠦᠨᠵᠡᠭᠡᠢ ᠪᠤᠯᠪᠠᠰᠤᠷᠠᠭᠤᠯᠬᠤ ᠲᠦᠪ ᠪᠠ ᠲᠦᠪᠯᠡᠷᠡᠭᠦᠯᠦᠨ ᠲᠠᠷᠬᠠᠭᠠᠵᠤ | ᠬᠤᠪᠢᠶᠠᠷᠢᠯᠠᠬᠤ ᠲᠥᠪ ᠢ ᠰᠢᠯᠢᠳᠡᠭᠵᠢᠭᠦᠯᠵᠦ᠂ ︽ᡂᠢ ᠴᠧᠩ ᠹᠧᠩ ᠸᠧᠢ︾ ᠣᠷᠣᠨ ᠬᠡᠴᠡ ᠶᠢᠨ ᠣᠯᠠᠨ ᠨᠡᠶᠢᠲᠡ ᠶᠢᠨ ᠨᠡᠷᠡᠲᠦ ᠲᠠᠸᠠᠷ ᠢ ᠲᠦᠭᠡᠮᠡᠯᠵᠢᠭᠦᠯᠦᠨ᠂ ︽ | ᠬᠤᠩᠱᠠᠨ ᠤ ᠰᠢᠯᠢᠳᠡᠭ ᠲᠠᠸᠠᠷ︾ ᠤᠨ ᠨᠡᠷᠡᠲᠦ ᠲᠡᠮᠳᠡᠭᠲᠦ ᠶᠢ ᠴᠤᠭᠴᠠᠯᠠᠵᠤ᠂ ᠲᠠᠸᠠᠷ ᠦᠢᠯᠡᠴᠢᠯᠡᠭᠡᠨ ᠤ ᠨᠡᠷᠡᠲᠦ ᠲᠡᠮᠳᠡᠭᠲᠦ ᠶᠢᠨ ᠭᠠᠭᠴᠠᠭᠠᠷ ᠪᠠᠶᠢᠯᠳᠤᠬᠤ | ᠤᠯᠠᠮᠵᠢᠯᠠᠯᠲᠤ ᠬᠡᠯᠪᠡᠷᠢ ᠶᠢ ᠦᠭᠡᠷᠡᠴᠢᠯᠡᠨ᠂ ᠲᠠᠸᠠᠷ ᠤᠨ ᠲᠡᠮᠳᠡᠭᠲᠦ ᠶᠢᠨ ᠬᠦᠭᠵᠢᠯᠲᠡ ᠶᠢ ᠲᠤᠭ᠎ᠠ ᠬᠡᠮᠵᠢᠶᠡᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ | ᠠᠬᠢᠭᠤᠯᠪᠠ᠃ | ᠤᠳᠤᠬᠠᠨ ᠪᠣᠯᠲᠠᠯ᠎ᠠ 30 ᠦᠰᠦᠭ ᠪᠢᠴᠢᠭ ᠤᠨ ᠲᠠᠸᠠᠷ ᠤᠨ ᠲᠡᠮᠳᠡᠭᠳᠦ ᠶᠢ ᠠᠮᠵᠢᠯᠲᠠᠲᠠᠢ ᠳᠠᠩᠰᠠᠯᠠᠭᠤᠯᠵᠠᠢ᠃ ᠬᠤᠩᠱᠠᠨ ᠰᠢᠯᠢᠳᠡᠭ ᠲᠠᠸᠠᠷ᠂ ᠬᠤᠩᠱᠠᠨ | ᠰᠢᠯᠢᠳᠡᠭ ᠲᠠᠸᠠᠷ +᠂ ᠬᠤᠩᠱᠠᠨ ᠰᠠᠶᠢᠨ ᠲᠠᠸᠠᠷ᠂ ᠬᠤᠩᠱᠠᠨ ᠰᠠᠶᠢᠬᠠᠨ ᠪᠡᠯᠡᠭ 4 ᠲᠦᠷᠦᠯ ᠤᠨ ᠵᠢᠷᠤᠭ ᠲᠦᠷᠰᠦᠲᠦ ᠲᠠᠸᠠᠷ ᠤᠨ ᠲᠡᠮᠳᠡᠭᠲᠦ ᠨᠢ ᠤᠯᠤᠰ ᠤᠨ | ᠮᠡᠳᠡᠯᠭᠡ ᠶᠢᠨ ᠦᠮᠴᠢᠯᠡᠯ ᠤᠨ ᠲᠤᠪᠴᠢᠶᠠᠨ ᠤ ᠦᠨᠡᠮᠯᠡᠯ ᠢ ᠣᠯᠪᠠ᠃ 15 ᠠᠵᠤ ᠠᠬᠤᠶᠢᠯᠠᠯ ᠳᠤ ᠬᠠᠪᠰᠤᠷᠤᠨ ᠮᠤᠩᠭᠤᠯ ᠬᠢᠲᠠᠳ ᠡᠮ᠂ ᠨᠤᠤᠰᠤᠨ ᠪᠦᠲᠦᠭᠡᠭᠳᠡᠭᠦᠨ | ᠂ ᠪᠣᠷᠴᠠ ᠵᠡᠷᠭᠡ 80 ᠭᠠᠷᠤᠢ ᠲᠦᠷᠦᠯ ᠤᠨ ᠰᠢᠯᠢᠳᠡᠭ ᠪᠦᠲᠦᠭᠡᠭᠳᠡᠭᠦᠨ ᠢ ︽ᠤᠯᠠᠭᠠᠨᠬᠠᠳᠠ ᠶᠢᠨ ᠰᠠᠶᠢᠨ ᠪᠠᠷᠠᠭ᠎ᠠ ᠪᠡᠭᠡᠵᠢᠩ ᠣᠷᠤᠬᠤ︾ ᠤᠬᠠᠭᠤᠯᠭ᠎ᠠ ᠶᠢᠨ | ᠠᠵᠢᠯᠯᠠᠭᠠᠨ ᠳᠤ ᠣᠷᠤᠯᠴᠠᠭᠤᠯᠵᠤ᠂ ᠬᠠᠮᠵᠢᠯᠴᠠᠭᠠᠨ ᠤ ᠰᠠᠨᠠᠮᠵᠢ ᠲᠤᠭᠲᠠᠪᠠ᠃ 10 ᠰᠠᠷ᠎ᠠ ᠶᠢᠨ 30 ᠤ ᠡᠳᠦᠷ ᠬᠤᠩᠱᠠᠨ ᠰᠢᠯᠢᠳᠡᠭ ᠲᠠᠸᠠᠷ ᠤᠨ ᠰᠢᠷᠢᠰ ᠣᠷᠣᠨ | ᠬᠡᠴᠡ ᠶᠢᠨ ᠣᠯᠠᠨ ᠨᠡᠶᠢᠲᠡ ᠶᠢᠨ ᠲᠠᠸᠠᠷ ᠤᠨ ᠲᠡᠮᠳᠡᠭᠲᠦ ᠶᠢᠨ ᠬᠡᠷᠡᠭᠯᠡᠭᠡᠨ ᠤ ᠠᠵᠤ ᠠᠬᠤᠶᠢᠯᠠᠯ ᠳᠤ ᠦᠨᠡᠮᠯᠡᠯ ᠣᠯᠭᠤᠵᠤ᠂ ᠤᠯᠠᠭᠠᠨᠬᠠᠳᠠ ᠶᠢᠨ ᠡᠮ ᠤᠨ ᠦᠢᠯᠡᠰ᠂ | ᠥᠪᠦᠷ ᠮᠤᠩᠭᠤᠯ ᠤᠨ ᠴᠤᠸᠠᠨ ᠬᠤᠤ ᠠᠮᠲᠠ ᠣᠷᠤᠭᠤᠯᠤᠭᠴᠢ᠂ ᠤᠯᠠᠭᠠᠨᠬᠠᠳᠠ ᠬᠤᠲᠠ ᠶᠢᠨ ᠪᠢ ᠶᠧ ᠠᠳᠠᠯ ᠶᠠᠪᠤᠳᠠᠯ ᠤᠨ ᠦᠢᠯᠡᠴᠢᠯᠡᠭᠡ᠂ ᠤᠯᠠᠭᠠᠨᠬᠠᠳᠠ ᠶᠢᠨ | ᠴᠦᠨ ᠡᠾᠦ᠋ᠢ ᠰᠤᠶᠤᠯ ᠵᠠᠭᠤᠴᠢ᠂ ᠤᠯᠠᠭᠠᠨᠬᠠᠳᠠ ᠶᠢᠨ ᠢ ᠵᠢᠤᠸᠠᠢ ᠢᠳᠡᠭᠡᠨ ᠤᠮᠳᠠᠭᠠᠨ ᠤ ᠦᠢᠯᠡᠴᠢᠯᠡᠭᠡ᠂ ᠤᠯᠠᠭᠠᠨᠬᠠᠳᠠ ᠶᠢᠨ ᠼᠦᠢ ᠮᠢᠩ ᠲᠠᠷᠢᠶᠠᠯᠠᠩ ᠦᠢᠯᠡᠰ | ᠵᠡᠷᠭᠡ 6 ᠠᠵᠤ ᠠᠬᠤᠶᠢᠯᠠᠯ ᠳᠤ ᠬᠤᠩᠱᠠᠨ ᠰᠢᠯᠢᠳᠡᠭ ᠲᠠᠸᠠᠷ ᠤᠨ ᠰᠢᠷᠢᠰ ᠣᠷᠣᠨ ᠬᠡᠴᠡ ᠶᠢᠨ ᠣᠯᠠᠨ ᠨᠡᠶᠢᠲᠡ ᠶᠢᠨ ᠲᠠᠸᠠᠷ ᠤᠨ ᠲᠡᠮᠳᠡᠭᠲᠦ ᠶᠢᠨ ᠬᠡᠷᠡᠭᠯᠡᠭᠡᠨ ᠤ | ᠡᠷᠬᠡ ᠣᠯᠭᠤᠪᠠ᠃ |