ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/11/8
   ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠎ ᠤ ᠤᠯᠠᠭᠠᠨᠬᠠᠳᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠎ ᠳᠤ᠄    ᠡᠳᠦᠭᠡ ︽ ᠤᠯᠠᠭᠠᠨᠬᠠᠳᠠ ᠬᠤᠲᠠ ᠎ ᠶᠢᠨ ᠶᠡᠭᠡ ᠬᠡᠪᠴᠢᠶᠡᠨ ᠎ ᠤ ᠲᠣᠨᠤᠭ ᠲᠥᠬᠦᠭᠡᠷᠦᠮᠵᠢ ᠎ ᠶᠢ ᠰᠢᠨᠡᠳᠬᠡᠬᠦ ᠪᠠ ᠬᠡᠷᠡᠭᠯᠡᠭᠡᠨ ᠎ ᠤ ᠵᠦᠢᠯ ᠤᠨ ᠬᠠᠭᠤᠴᠢᠨ ᠎ ᠢᠶᠠᠷ ᠰᠢᠨ᠎ᠡ ᠎ ᠶᠢ ᠰᠣᠯᠢᠬᠤ ᠎ ᠶᠢ ᠬᠦᠴᠦᠯᠡᠨ ᠳᠡᠮᠵᠢᠬᠦ ᠠᠵᠢᠯ ᠎ ᠤᠨ ᠬᠡᠷᠡᠭᠵᠢᠭᠦᠯᠬᠦ ᠲᠥᠰᠥᠯ︾ ᠎ ᠢ ᠲᠠᠨᠠᠷ ᠎ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠎ ᠲᠠᠢ ᠎ ᠪᠠᠨ ᠤᠶᠠᠯᠳᠤᠭᠤᠯᠵᠤ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠳᠦᠭᠡᠢ ᠃                                                        2024 ᠣᠨ ᠤ 9 ᠰᠠᠷ᠎ᠠ ᠶᠢᠨ 30᠎ ᠤ ᠡᠳᠦᠷ     ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ ︶  

ᠤᠯᠠᠭᠠᠨᠬᠠᠳᠠ ᠬᠤᠲᠠ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ

ᠰᠢᠨᠡᠳᠬᠡᠬᠦ ᠪᠠ  ᠬᠡᠷᠡᠭᠯᠡᠭᠡᠨ ᠎ ᠤ ᠪᠣᠳᠠᠰ ᠎ ᠢ  ᠬᠠᠭᠤᠴᠢᠨ ᠎ ᠢᠶᠠᠷ ᠰᠢᠨ᠎ᠡ ᠶᠢ

ᠰᠣᠯᠢᠬᠤ ᠠᠵᠢᠯ ᠎ ᠤᠨ ᠬᠡᠷᠡᠭᠵᠢᠭᠦᠯᠬᠦ ᠲᠥᠰᠦᠯ 

 

    ︽ ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠎ ᠤ ᠶᠡᠭᠡ ᠬᠡᠪᠴᠢᠶᠡᠨ ᠎ ᠤ ᠲᠣᠨᠤᠭ ᠲᠥᠬᠦᠭᠡᠷᠦᠮᠵᠢ ᠎ ᠶᠢ ᠰᠢᠨᠡᠳᠬᠡᠬᠦ ᠪᠠ ᠬᠡᠷᠡᠭᠯᠡᠭᠡᠨ ᠎ ᠤ ᠵᠦᠢᠯ ᠤᠨ 

ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠠᠵᠢᠯ ᠎ ᠤᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ︹2020︺ 24 

ᠳ᠋ᠦ᠋ᠭᠡᠷ ᠲᠣᠭᠠᠲᠤ︶᠎ ᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠶᠡᠭᠡ ᠬᠡᠪᠴᠢᠶᠡᠨ ᠎ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ

ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠎ ᠶᠢᠨ ᠲᠤᠰᠠᠳᠠ᠂ ᠮᠠᠨ ᠎ ᠤ ᠬᠤᠲᠠ ᠶᠢᠨ ᠪᠣᠳᠠᠲᠠᠶ ᠎ ᠲᠠᠢ 

᠎ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃

ᠨᠢᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠶᠢ ᠥᠷᠭᠡᠳᠬᠡᠬᠦ ᠳᠡᠮᠵᠢᠯᠭᠡ ᠎ ᠶᠢᠨ ᠲᠥᠷᠥ ᠶᠢᠨ ᠪᠣᠳᠣᠯᠭ᠎ᠠ ᠶᠢ 

ᠨᠠᠢᠳᠠᠪᠤᠷᠢᠵᠢᠭᠤᠯᠬᠤ ᠬᠡᠷᠡᠭ᠌ᠲᠡᠢ᠃

    ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠎ ᠶᠢᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ᠂ ᠣᠷᠴᠢᠨ

ᠲᠣᠭᠤᠷᠢᠨ ᠤ ᠰᠠᠭᠤᠷᠢ ᠪᠡᠯᠡᠳᠬᠡᠮᠵᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠰᠤᠷᠭᠠᠨ ᠬᠥᠮᠦᠵᠢᠯ᠂ ᠰᠣᠶᠣᠯ  ᠵᠢᠭᠤᠯᠴᠢᠯᠠᠯ᠂ ᠡᠮᠴᠢᠯᠡᠭᠡ

ᠵᠡᠷᠭᠡ ᠬᠦᠷᠢᠶ᠎ᠡ ᠴᠠᠷᠠᠭ᠎ᠠ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠬᠦ ᠵᠢᠴᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠭᠰᠠᠨ ᠰᠠᠭᠤᠷᠢᠨ ᠳᠡᠭᠡᠷ᠎ᠡ᠂

ᠳᠡᠮᠵᠢᠬᠦ ᠬᠦᠷᠢᠶ᠎ᠡ ᠬᠡᠪᠴᠢᠶ᠎ᠡ ᠪᠠᠨ ᠡᠨᠧᠷᠭᠢ ᠶᠢᠨ ᠴᠠᠬᠢᠯᠭᠠᠨ ᠬᠦᠴᠦᠨ᠂ ᠬᠠᠭᠤᠴᠢᠨ ᠴᠠᠬᠢᠯᠭᠠᠨ ᠱᠠᠲᠤ ᠵᠡᠷᠭᠡ ᠬᠦᠷᠢᠶ᠎ᠡ ᠴᠠᠷᠠᠭ᠎ᠠ ᠶᠢᠨ ᠲᠣᠨᠤᠭ ᠲᠥᠬᠦᠭᠡᠷᠦᠮᠵᠢ ᠶᠢ

ᠰᠢᠨᠡᠳᠬᠡᠬᠦ ᠵᠢᠴᠢ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠎ ᠶᠢᠨ ᠭᠠᠳᠠᠭᠰᠢᠯᠠᠯᠲᠠ ᠶᠢ ᠪᠠᠭᠠᠰᠬᠠᠬᠤ ᠪᠠ ᠠᠮᠤᠷ

ᠲᠦᠪᠰᠢᠨ ᠤ ᠥᠭᠡᠷᠡᠴᠢᠯᠡᠯᠲᠡ ᠬᠢᠵᠦ᠂ ᠰᠢᠨ᠎ᠡ ᠪᠠᠷ ᠨᠡᠮᠡᠭᠳᠡᠭᠰᠡᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠪᠠᠶᠢᠳᠠᠯ ᠢ ᠣᠶᠢᠯᠠᠭᠠᠬᠤ ᠪᠠ ᠲᠥᠷᠥᠯ ᠵᠦᠢᠯ ᠤᠨ

ᠲᠥᠯᠥᠪᠵᠢᠭᠦᠯᠭᠡ ᠶᠢ ᠴᠢᠩᠭᠠᠳᠬᠠᠨ᠂ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠲᠥᠷᠥᠯ

ᠵᠦᠢᠯ ᠤᠨ ᠨᠥᠭᠡᠴᠡ ᠶᠢ ᠰᠠᠶᠢᠲᠤᠷ ᠬᠢᠵᠦ᠂ ᠤᠯᠤᠰ ᠤᠨ ᠨᠠᠩ ᠣᠯᠠᠨ ᠪᠠᠯᠠ ᠮᠥᠩᠭᠦ ᠶᠢᠨ ᠳᠡᠮᠵᠢᠯᠭᠡ ᠎ ᠶᠢ ᠢᠳᠡᠪᠬᠢᠲᠡᠶ ᠪᠠᠷ ᠴᠢᠷᠮᠠᠶᠢᠨ ᠣᠯᠬᠤ ᠬᠡᠷᠡᠭᠲᠡᠢ ᠃

    ᠬᠤᠶᠠᠷ᠂ ᠲᠣᠨᠤᠭ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠤᠨ ᠣᠷᠣᠨ ᠨᠤᠲᠤᠭ ᠤᠨ ᠬᠢᠨᠠᠨ ᠬᠠᠷᠭᠤᠭᠤᠯᠬᠤ ᠱᠠᠭᠠᠷᠳᠠᠯᠭ᠎ᠠ ᠶᠢ

ᠨᠠᠢᠳᠠᠪᠤᠷᠢᠵᠢᠭᠤᠯᠬᠤ ᠬᠡᠷᠡᠭ᠌ᠲᠡᠢ᠃

    ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠨᠢ ᠤᠷᠲᠤ ᠬᠤᠭᠤᠴᠠᠭᠠᠨ ᠤ  ᠣᠨᠴᠠᠭᠠᠢ ᠤᠯᠤᠰ ᠤᠨ ᠵᠢᠭᠡᠯᠡᠯᠭᠡ ᠶᠢᠨ ᠲᠤᠰᠬᠠᠶ ᠪᠡᠯᠡ

ᠮᠥᠩᠭᠦ ᠶᠢᠨ ᠲᠥᠷᠥᠯ ᠵᠦᠢᠯ ᠢ ︽ᠣᠷᠣᠨ ᠨᠤᠲᠤᠭ ᠬᠢᠨᠠᠨ ᠬᠠᠷᠭᠤᠭᠤᠯᠵᠤ᠂ ᠤᠯᠤᠰ ᠠᠴᠠ ᠳᠠᠬᠢᠨ ᠬᠢᠨᠠᠬᠤ︾ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂

ᠥᠪᠡᠷᠲᠡᠭᠡᠨ ᠵᠠᠰᠠᠬᠤ ᠣᠷᠣᠨ ᠤ ᠡᠯ᠎ᠡ ᠬᠦᠷᠢᠶᠡᠨ ᠤ ᠬᠢᠨᠠᠨ ᠬᠠᠷᠭᠤᠭᠤᠯᠬᠤ ᠠᠵᠢᠯ ᠤᠨ ᠲᠥᠰᠦᠯ ᠶᠣᠰᠣᠭᠠᠷ ᠳᠡᠭᠡᠭᠰᠢ ᠮᠡᠳᠡᠭᠦᠯᠬᠦ ᠲᠥᠷᠥᠯ ᠵᠦᠢᠯ ᠤᠨ ᠠᠩᠬᠠᠨ ᠤ 

ᠬᠢᠨᠠᠯᠲᠠ ᠎ᠶ᠋ᠢᠨ ᠠᠵᠢᠯ ᠢ ᠰᠠᠶᠢᠲᠤᠷ ᠬᠢᠬᠦ ᠬᠡᠷᠡᠭᠲᠡᠶ᠃

ᠭᠤᠷᠪᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠲᠣᠨᠤᠭ ᠲᠥᠬᠦᠭᠡᠷᠦᠮᠵᠢ ᠶᠢ ᠰᠢᠨᠡᠳᠬᠡᠬᠦ ᠳᠤ ᠨᠥᠬᠦᠪᠥᠷᠢ ᠥᠭᠬᠦ ᠲᠥᠷᠥ ᠶᠢᠨ

ᠪᠣᠳᠣᠯᠭ᠎ᠠ ᠶᠢ ᠨᠠᠢᠳᠠᠪᠤᠷᠢᠵᠢᠭᠤᠯᠬᠤ ᠬᠡᠷᠡᠭ᠌ᠲᠡᠢ᠃

    ᠡᠵᠡᠩᠨᠡᠯᠲᠡ ᠶᠢᠨ ᠬᠠᠭᠤᠴᠢᠨ ᠪᠠᠷᠠᠭᠠᠨ ᠤ ᠲᠡᠷᠭᠡ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠰᠢᠨ᠎ᠡ

ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠵᠡᠷᠭᠡ ᠨᠥᠬᠦᠪᠥᠷᠢ ᠶᠢᠨ ᠲᠥᠷᠥ ᠎ ᠶᠢᠨ ᠪᠣᠳᠣᠯᠭ᠎ᠠ ᠶᠢᠨ

ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠶᠢ ᠴᠢᠩᠭᠠᠳᠬᠠᠵᠤ᠂ ᠬᠠᠮᠢᠶ᠎ᠠ ᠪᠥᠬᠦᠶ ᠲᠣᠨᠤᠭ ᠲᠥᠬᠦᠭᠡᠷᠦᠮᠵᠢ ᠶᠢ ᠰᠢᠨᠡᠳᠬᠡᠬᠦ ᠨᠥᠬᠦᠪᠥᠷᠢ ᠶᠢᠨ ᠬᠡᠷᠡᠭᠵᠢᠭᠦᠯᠬᠦ

ᠲᠥᠰᠦᠯ ᠪᠤᠶᠤ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ᠂ ᠨᠥᠬᠦᠪᠥᠷᠢ ᠣᠯᠭᠤᠬᠤ ᠡᠲᠡᠭᠡᠳ᠂ ᠬᠡᠪᠴᠢᠶ᠎ᠡ᠂ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠨᠥᠬᠦᠴᠡᠯ

᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠥᠬᠦᠪᠥᠷᠢ ᠮᠥᠩᠭᠦ ᠶᠢ

ᠠᠵᠤ ᠠᠬᠤᠶᠢᠯᠠᠯ ᠪᠠ ᠬᠡᠷᠡᠭᠯᠡᠭᠴᠢᠳ ᠲᠤ ᠲᠦᠷᠭᠡᠬᠡᠨ ᠣᠯᠭᠤᠯᠬᠤ ᠬᠡᠷᠡᠭᠲᠡᠢ ᠃

    ᠳᠥᠷᠪᠡ᠂ ᠲᠣᠨᠤᠭ ᠲᠥᠬᠦᠭᠡᠷᠦᠮᠵᠢ ᠶᠢ ᠰᠢᠨᠡᠳᠬᠡᠭᠰᠡᠨ ᠳᠠᠬᠢᠨ ᠵᠢᠭᠡᠯᠡᠯᠭᠡ ᠪᠠ ᠡᠳ᠋ ᠤᠨ ᠵᠠᠰᠠᠭ ᠤᠨ ᠨᠥᠬᠦᠪᠥᠷᠢ ᠬᠦᠦ ᠮᠥᠩᠭᠥ᠌ ᠥᠭᠬᠦ

ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ ᠬᠡᠷᠡᠭ᠌ᠲᠡᠢ᠃

    ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ

ᠥᠭᠡᠷᠡᠴᠢᠯᠡᠯᠲᠡ ᠶᠢ ᠳᠡᠮᠵᠢᠭᠦᠯᠵᠦ᠂ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠭᠦᠢᠯᠭᠡᠭᠡ ᠶᠢ ᠮᠡᠷᠭᠡᠵᠢᠯ ᠤᠨ ᠥᠭᠡᠷᠡᠴᠢᠯᠡᠯᠲᠡ᠂ ᠲᠥᠬᠦᠭᠡᠷᠦᠮᠵᠢ ᠎ ᠶᠢ

ᠰᠢᠨᠡᠳᠬᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠲᠡᠰᠢ ᠬᠠᠨᠳᠤᠭᠤᠯᠬᠤ ᠶᠢ  ᠠᠬᠢᠭᠤᠯᠬᠤ ᠬᠡᠷᠡᠭᠲᠡᠢ ᠃

ᠤᠯᠤᠰ ᠤᠨ ᠲᠥᠬᠦᠭᠡᠷᠦᠮᠵᠢ ᠶᠢᠨ ᠰᠢᠨᠡᠴᠢᠯᠡᠯᠲᠡ ᠎ ᠶᠢᠨ ᠵᠢᠭᠡᠯᠡᠯᠭᠡ ᠶᠢᠨ ᠡᠳ᠋ ᠤᠨ ᠵᠠᠰᠠᠭ ᠤᠨ ᠨᠥᠬᠦᠪᠥᠷᠢ ᠬᠦᠦ ᠮᠥᠩᠭᠥ᠌ ᠎ ᠶᠢᠨ ᠲᠥᠷᠥ ᠎ ᠶᠢᠨ ᠪᠣᠳᠣᠯᠭ᠎ᠠ 

᠎ ᠶᠢ ᠰᠠᠶᠢᠲᠤᠷ ᠨᠠᠶᠢᠳᠠᠪᠤᠷᠢᠵᠢᠭᠤᠯᠵᠤ᠂ ︽ᠡᠳ᠋ ᠤᠨ ᠵᠠᠰᠠᠭ ᠤᠨ ᠶᠠᠮᠤᠨ ᠎ ᠤ ᠲᠣᠨᠤᠭ ᠲᠥᠬᠦᠭᠡᠷᠦᠮᠵᠢ ᠶᠢ ᠰᠢᠨᠡᠳᠬᠡᠭᠰᠡᠨ ᠳᠠᠬᠢᠨ ᠵᠢᠭᠡᠯᠡᠯᠭᠡ  ᠡᠳ᠋ ᠤᠨ ᠵᠠᠰᠠᠭ ᠠᠴᠠ

ᠨᠥᠬᠦᠪᠥᠷᠢ ᠬᠦᠦ ᠮᠥᠩᠭᠥ᠌ ᠥᠭᠬᠦ ᠲᠥᠷᠥ ᠶᠢᠨ ᠪᠣᠳᠣᠯᠭ᠎ᠠ ᠶᠢ ᠲᠤᠬᠠᠶ ᠮᠡᠳᠡᠭᠳᠡᠯ︾ ︵ᠡᠳ᠋ ᠮᠥᠩᠭᠦ ︹2020︺ 54 ᠳ᠋ᠦ᠋ᠭᠡᠷ 

ᠲᠣᠭᠠᠲᠤ︶᠎ ᠤᠨ ᠨᠥᠬᠦᠴᠡᠯ ᠪᠦᠬᠦᠢ ᠡᠵᠡᠩᠨᠡᠯᠲᠡ ᠶᠢᠨ ᠭᠤᠤᠯ ᠴᠣᠭᠴᠠ ᠶᠢᠨ ᠪᠠᠩᠬᠢ ᠶᠢᠨ ᠵᠢᠭᠡᠯᠡᠯᠭᠡ ᠶᠢᠨ ᠡᠬᠡ ᠮᠥᠩᠭᠦ᠂ ᠲᠥᠪ ᠤᠨ ᠡᠳ᠋ ᠤᠨ ᠵᠠᠰᠠᠭ ᠤᠨ

ᠨᠥᠬᠦᠪᠥᠷᠢ ᠬᠦᠦ ᠮᠥᠩᠭᠥ᠌ ᠶᠢ 1 ᠵᠠᠭᠤᠨ ᠤ ᠴᠡᠭ ᠠᠴᠠ 1.5 ᠵᠠᠭᠤᠨ ᠤ ᠴᠡᠭ ᠪᠣᠯᠲᠠᠯ᠎ᠠ ᠳᠡᠭᠡᠭᠰᠢᠯᠡᠭᠦᠯᠵᠦ᠂ ᠨᠥᠬᠦᠪᠥᠷᠢ ᠬᠦᠦ 

ᠮᠥᠩᠭᠥ᠌ ᠶᠢ ᠣᠷᠣᠯᠠᠨ ᠥᠭᠬᠦ ᠬᠤᠭᠤᠴᠠᠭ᠎ᠠ ᠬᠢᠵᠠᠭᠠᠷ ᠎ ᠢ 2 ᠵᠢᠯ ᠪᠣᠯᠭᠠᠬᠤ ᠬᠡᠷᠡᠭᠲᠡᠢ ᠃

    ᠲᠠᠪᠤ᠂ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠮᠥᠩᠭᠦ ᠶᠢ ᠵᠦᠶ ᠵᠣᠬᠢᠰᠲᠠᠶ ᠬᠡᠷᠡᠭᠯᠡᠬᠦ ᠪᠠ ᠵᠢᠷᠤᠮᠵᠢᠭᠤᠯᠤᠨ ᠬᠠᠮᠢᠶᠠᠷᠬᠤ ᠶᠢ ᠰᠠᠶᠢᠲᠤᠷ

ᠬᠢᠬᠦ᠌ ᠬᠡᠷᠡᠭ᠌ᠲᠡᠢ᠃

    ︽ᠤᠯᠠᠭᠠᠨᠬᠠᠳᠠ ᠬᠤᠲᠠ ᠶᠢᠨ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠎ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ

ᠬᠤᠪᠢᠶᠠᠷᠢᠯᠠᠬᠤ ᠶᠢ ᠳᠡᠮᠵᠢᠬᠦ ᠬᠠᠮᠢᠶᠠᠷᠤᠯᠲᠠ ᠶᠢᠨ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠡᠯ᠎ᠡ ᠬᠦᠷᠢᠶᠡᠨ ᠤ ᠨᠥᠬᠦᠪᠥᠷᠢ ᠮᠥᠩᠭᠦ ᠶᠢ ᠲᠥᠰᠦᠭᠡᠯᠡᠨ ᠪᠣᠳᠣᠬᠤ᠂

ᠬᠤᠪᠢᠶᠠᠷᠢᠯᠠᠬᠤ᠂ ᠪᠠᠭᠤᠯᠭᠠᠬᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ᠂ ᠬᠢᠨᠠᠯᠲᠠ

ᠲᠠᠯᠪᠢᠵᠤ ᠬᠢᠨᠠᠨ ᠪᠠᠶᠢᠴᠠᠭᠠᠬᠤ ᠪᠠ ᠠᠬᠢᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠎ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ

ᠳᠡᠭᠡᠭᠰᠢᠯᠡᠭᠦᠯᠵᠦ᠂ ᠤᠷᠲᠤ ᠬᠤᠭᠤᠴᠠᠭᠠᠨ ᠤ ᠣᠨᠴᠠ ᠤᠯᠤᠰ ᠤᠨ ᠵᠢᠭᠡᠯᠡᠯᠭᠡ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ

ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠶᠢ ᠪᠠᠲᠤᠯᠠᠬᠤ  ᠬᠡᠷᠡᠭᠲᠡᠢ᠃

    ᠵᠢᠷᠭᠤᠭ᠎ᠠ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠦᠡᠭᠬᠦ ᠎ ᠶᠢᠨ ᠨᠦᠬᠦᠪᠦᠷᠢ ᠦᠭᠬᠦ ᠳᠥᠷᠥ ᠶᠢᠨ ᠪᠤᠳᠣᠯᠭ᠎ᠠ ᠶᠢᠨ

ᠨᠡᠶᠢᠳᠡᠪᠦᠷᠢᠵᠢᠭᠤᠯᠥᠯᠳᠡ ᠶᠢ ᠴᠢᠩᠭᠠᠳᠬᠠᠬᠤ ᠬᠡᠷᠡᠭᠲᠡᠢ᠃

    ᠤᠯᠠᠭᠠᠨᠬᠠᠳᠠ ᠬᠤᠲᠠ ᠎ ᠶᠢᠨ ᠮᠠᠰᠢᠨ ᠲᠡᠷᠭᠡᠨ ᠤ ᠬᠡᠷᠡᠭᠯᠡᠭᠡᠨ ᠠᠴᠠ ᠭᠠᠷᠭᠠᠵᠤ  ᠰᠢᠨᠡᠳᠬᠡᠬᠦ᠂ ᠬᠤᠪᠢ ᠬᠥᠮᠦᠨ ᠤ ᠬᠡᠷᠡᠭᠯᠡᠭᠴᠢᠳ ᠤᠨ ᠮᠠᠰᠢᠨ ᠲᠡᠷᠭᠡ ᠪᠠᠨ

ᠰᠣᠯᠢᠵᠤ ᠰᠢᠨᠡᠳᠬᠡᠬᠦ᠂ ᠬᠡᠷ ᠎ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠨ ᠬᠠᠭᠤᠴᠢᠨ ᠢᠶᠠᠷ ᠰᠢᠨ᠎ᠡ ᠶᠢ ᠰᠣᠯᠢᠬᠤ᠂ ᠬᠡᠷ ᠎ ᠤᠨ ᠴᠢᠮᠡᠭᠯᠡᠯ ᠲᠣᠭᠤᠭᠠᠨ ᠬᠡᠷ

ᠡᠷᠡᠭᠦᠯ ᠬᠠᠮᠠᠭᠠᠯᠠᠯ ᠵᠡᠷᠭᠡ ᠦᠢᠯᠡᠳᠭᠦᠨ ᠢ ᠥᠭᠡᠷᠡᠴᠢᠯᠡᠨ ᠰᠢᠨᠡᠳᠬᠡᠬᠦ ᠬᠦᠷᠢᠶᠡᠨ ᠳᠠᠬᠢ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠡᠯ᠎ᠡ

ᠬᠦᠷᠢᠶᠡᠨ ᠳᠠᠬᠢ ᠪᠠᠯᠠ ᠮᠥᠩᠭᠦ ᠶᠢᠨ ᠨᠥᠬᠦᠪᠥᠷᠢ ᠶᠢᠨ ᠡᠲᠡᠭᠡᠳ᠂ ᠬᠦᠷᠢᠶ᠎ᠡ ᠬᠡᠪᠴᠢᠶ᠎ᠡ᠂ ᠪᠠᠷᠢᠮᠵᠢᠶ᠎ᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂

ᠨᠥᠬᠦᠪᠥᠷᠢ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠲᠠ ᠎ ᠶᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ

ᠤᠯᠠᠮ ᠨᠢᠭᠡ ᠠᠯᠬᠤᠮ ᠠᠬᠢᠭᠤᠯᠬᠤ ᠶᠢᠨ ᠬᠠᠮᠲᠤ᠂ ᠬᠠᠭᠤᠴᠢᠨ ᠢᠶᠠᠷ ᠰᠢᠨ᠎ᠡ ᠶᠢ ᠰᠣᠯᠢᠬᠤ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠎ ᠲᠠᠢ

ᠵᠣᠯᠭᠠᠭᠤᠯᠵᠤ᠂ ᠲᠣᠭᠲᠠᠭᠤᠨ ᠢᠶᠠᠷ ᠰᠢᠯᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃

    ᠳᠣᠯᠤᠭ᠎ᠠ᠂ ᠲᠤᠰ ᠭᠠᠵᠠᠷ ᠣᠷᠣᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠪᠠᠷ ᠰᠣᠯᠢᠬᠤ ᠶᠢ ᠳᠡᠮᠵᠢᠬᠦ ᠲᠥᠷᠥᠯ ᠵᠦᠢᠯ ᠪᠠ ᠬᠦᠷᠢᠶ᠎ᠡ ᠴᠠᠷᠠᠭ᠎ᠠ ᠶᠢ

ᠢᠳᠡᠪᠬᠢᠲᠡᠢ ᠰᠦᠪᠡᠭ᠌ᠴᠢᠯᠡᠬᠦ᠌ ᠬᠡᠷᠡᠭ᠌ᠲᠡᠢ᠃

    ᠡᠯ᠎ᠡ ᠬᠤᠰᠢᠭᠤ ᠰᠢᠶᠠᠨ ᠲᠣᠭᠤᠷᠢᠭ ᠤᠨ ᠪᠦᠲᠦᠭᠡᠯᠴᠢ ᠬᠦᠴᠦᠨ ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢ ᠨᠡᠮᠡᠭᠳᠡᠭᠦᠯᠦᠨ᠂

ᠪᠡᠯᠡ ᠮᠥᠩᠭᠦ ᠶᠢᠨ ᠳᠡᠮᠵᠢᠬᠦ ᠴᠢᠭᠯᠡᠯ ᠢ ᠤᠯᠤᠰ ᠤᠨ ︽ᠬᠤᠶᠠᠷ ᠰᠢᠨ᠎ᠡ︾᠎ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠎ ᠶᠢ ᠦᠨᠡᠨᠬᠦ

ᠪᠠᠲᠤᠯᠠᠭᠰᠠᠨ ᠤᠷᠢᠲᠠᠯ ᠳᠣᠤᠷ᠎ᠠ᠂ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠪᠡᠶ᠎ᠡ ᠎ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠲᠠ ᠶᠢᠨ ᠰᠢᠭᠤᠳ

ᠬᠠᠷᠢᠶ᠎ᠠ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ᠂ ᠲᠣᠰ ᠭᠠᠵᠠᠷ ᠣᠷᠣᠨ ᠤ ᠰᠢᠨ᠎ᠡ ᠪᠠᠷ ᠨᠡᠮᠡᠭᠳᠡᠬᠦ

ᠳᠡᠮᠵᠢᠬᠦ ᠲᠥᠷᠥᠯ ᠪᠤᠶᠤ ᠬᠦᠷᠢᠶ᠎ᠡ ᠴᠠᠷᠠᠭ᠎ᠠ ᠶᠢ ᠰᠦᠪᠡᠭᠴᠢᠯᠡᠬᠦ ᠎ ᠶᠢᠨ ᠬᠠᠮᠲᠤ᠂ ᠵᠣᠬᠢᠬᠤ ᠬᠡᠮᠵᠢᠶ᠎ᠡ ᠶᠢ ᠨᠢ ᠥᠪᠡᠷᠲᠡᠭᠡᠨ ᠵᠠᠰᠠᠬᠤ ᠣᠷᠣᠨ ᠤ ᠤᠷᠲᠤ ᠬᠤᠭᠤᠴᠠᠭᠠᠨ ᠤ

ᠣᠨᠴᠠᠭᠠᠢ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠎ ᠶᠢᠨ ᠨᠥᠬᠦᠪᠦᠷᠢ ᠎ ᠶᠢᠨ ᠬᠡᠪᠴᠢᠶᠡᠨ ᠳᠤ ᠣᠷᠣᠭᠤᠯᠬᠤ ᠪᠠᠷ ᠭᠤᠶᠤᠴᠢᠯᠠᠨ᠎ᠠ᠃

    ᠨᠠᠢᠮᠠ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃

    ᠬᠠᠤᠯᠢ ᠪᠤᠰᠤ ᠪᠠᠷ ᠰᠢᠨᠡᠳᠬᠡᠬᠦ᠂ ᠮᠠᠭᠤ ᠪᠠᠷ ᠰᠠᠶᠢᠨ ᠢ ᠣᠷᠣᠯᠠᠭᠤᠯᠵᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠨ ᠬᠤᠳᠠᠯᠳᠤᠬᠤ ᠵᠡᠷᠭᠡ ᠦᠢᠯᠡ

ᠠᠵᠢᠯᠯᠠᠭ᠎ᠠ ᠶᠢ ᠰᠡᠷᠭᠡᠶᠢᠯᠡᠨ᠂ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠪᠠᠷ ᠰᠣᠯᠢᠬᠤ ᠶᠢ ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ

ᠡᠭᠡᠭᠦᠯᠦᠨ ᠬᠤᠷᠢᠶᠠᠭᠰᠠᠨ ᠬᠠᠶᠠᠭᠳᠠᠮᠠᠯ ᠭᠡᠷ ᠤᠨ ᠴᠠᠬᠢᠯᠭᠠᠨ ᠬᠡᠷᠡᠭᠰᠡᠯ ᠢ ᠵᠢᠩᠬᠢᠨᠢ ᠵᠠᠳᠠᠯᠤᠨ ᠰᠠᠯᠭᠠᠬᠤ ᠠᠵᠤ ᠠᠬᠤᠶᠢᠯᠠᠯ ᠳᠤ ᠲᠤᠰᠢᠶᠠᠨ ᠥᠭᠬᠦ ᠬᠡᠷᠡᠭᠲᠡᠶ᠃

ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ᠡᠮᠵᠡᠭ ᠲᠠᠢ ᠲᠠᠯ᠎ᠠ ᠎ ᠶᠢ ᠪᠠᠶᠢᠴᠠᠭᠠᠬᠤ ᠪᠠ ᠡᠭᠡᠭᠦᠯᠦᠨ

ᠠᠪᠴᠢᠷᠠᠬᠤ ᠡᠷᠴᠢᠮ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠶᠤᠯ ᠦᠭᠡᠶ ᠶᠢᠨ ᠭᠤᠤᠯ ᠴᠣᠭᠴᠠ ᠶᠢᠨ

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ 

ᠰᠢᠢᠳᠪᠦᠷᠢᠯᠡᠵᠦ ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠃ ᠲᠥᠪ ᠪᠤᠰᠤ ᠠᠷᠭ᠎ᠠ ᠪᠠᠷᠢᠯ ᠢ

ᠠᠰᠢᠭᠯᠠᠨ ᠨᠥᠬᠦᠪᠥᠷᠢ ᠮᠥᠩᠭᠦ ᠶᠢ ᠮᠡᠬᠡᠯᠡᠨ ᠠᠪᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ ᠬᠠᠤᠯᠢ

ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ

ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃

    ᠶᠢᠰᠦ᠂ ᠪᠡᠯᠡ ᠮᠥᠩᠭᠦ  ᠪᠠᠭᠤᠯᠭᠠᠨ ᠥᠭᠬᠦ ᠠᠵᠢᠯ ᠢ ᠰᠠᠶᠢᠲᠤᠷ ᠬᠢᠬᠦ ᠬᠡᠷᠡᠭᠲᠡᠶ᠃

ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢᠨ ᠬᠠᠭᠤᠴᠢᠨ ᠢᠶᠠᠷ

ᠰᠢᠨ᠎ᠡ ᠶᠢ ᠰᠣᠯᠢᠬᠤ ᠪᠡᠯᠡ ᠮᠥᠩᠭᠦ ᠶᠢᠨ ᠬᠤᠪᠢᠶᠠᠷᠢᠯᠠᠯᠲᠠ ᠎ ᠶᠢᠨ ᠬᠠᠮᠢᠶᠠᠷᠤᠯᠲᠠ ᠎ ᠶᠢᠨ ᠲᠥᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰᠬᠠᠶ ᠪᠡᠯᠡ

ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠪᠠ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠪᠠᠲᠤᠯᠠᠵᠤ᠂ ᠤᠷᠲᠤ ᠬᠤᠭᠤᠴᠠᠭᠠᠨ ᠤ

ᠣᠨᠴᠠ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠎ ᠶᠢ ᠪᠠᠭᠤᠯᠭᠠᠨ ᠥᠭᠬᠦ ᠠᠬᠢᠴᠠ ᠪᠣᠯᠤᠨ ᠮᠠᠨ ᠤ ᠬᠤᠲᠠ ᠶᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ

ᠰᠢᠨ᠎ᠡ ᠶᠢ ᠰᠣᠯᠢᠬᠤ ᠠᠵᠢᠯ ᠤᠨ ᠠᠬᠢᠴᠠ ᠶᠢ ᠬᠠᠷᠢᠯᠴᠠᠨ ᠵᠣᠬᠢᠴᠠᠭᠤᠯᠬᠤ ᠶᠢ ᠪᠠᠲᠤᠯᠠᠵᠤ᠂ ᠪᠡᠯᠡ ᠮᠥᠩᠭᠦ ᠲᠤᠩᠭᠠᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ

ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃

    ᠠᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃

    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠠᠵᠢᠯ ᠎ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ

ᠲᠣᠬᠢᠷᠠᠭᠤᠯᠬᠤ ᠬᠡᠷᠡᠭᠲᠡᠶ ᠃ ᠬᠤᠲᠠ ᠶᠢᠨ ᠡᠳ᠋ ᠎ ᠤᠨ ᠵᠠᠰᠠᠭ ᠤᠨ ᠲᠣᠪᠴᠢᠶ᠎ᠠ ᠨᠢ ᠤᠷᠲᠤ ᠬᠤᠭᠤᠴᠠᠭᠠᠨ ᠠᠴᠠ ᠬᠡᠲᠦᠷᠡᠭᠰᠡᠨ ᠣᠨᠴᠠᠭᠠᠢ ᠤᠯᠤᠰ ᠤᠨ ᠵᠢᠭᠡᠯᠡᠯᠭᠡ ᠶᠢᠨ

ᠪᠡᠯᠡ ᠮᠥᠩᠭᠦ ᠶᠢ ᠪᠠᠭᠤᠯᠭᠠᠨ ᠥᠭᠬᠦ ᠪᠠ ᠬᠢᠨᠠᠨ ᠬᠠᠮᠢᠶᠠᠷᠬᠤ ᠶᠢ ᠰᠠᠶᠢᠲᠤᠷ ᠬᠢᠬᠦ ᠬᠡᠷᠡᠭᠲᠡᠢ ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ

ᠬᠠᠷᠢᠯᠴᠠᠭ᠎ᠠ ᠲᠡᠭᠡᠭᠡᠪᠦᠷᠢ ᠎ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ

ᠬᠤᠪᠢᠶᠠᠷᠢᠯᠠᠯ ᠶᠣᠰᠣᠭᠠᠷ ᠡᠯ᠎ᠡ ᠬᠦᠷᠢᠶᠡᠨ ᠤ ᠨᠥᠬᠦᠪᠥᠷᠢ ᠮᠥᠩᠭᠦ ᠎ ᠶᠢᠨ ᠪᠠᠷᠢᠮᠵᠢᠶ᠎ᠠ ᠶᠢ ᠨᠠᠷᠢᠯᠢᠭᠵᠢᠭᠤᠯᠵᠤ᠂ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ

ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠥᠬᠦᠭᠡᠷᠦᠮᠵᠢ ᠪᠠᠨ ᠰᠢᠨᠡᠳᠬᠡᠬᠦ ᠲᠥᠷᠥᠯ

ᠵᠦᠢᠯ ᠢ ᠲᠥᠯᠥᠪᠵᠢᠭᠦᠯᠬᠦ᠂ ᠨᠥᠭᠡᠴᠡᠯᠡᠬᠦ᠂ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠡᠷᠡᠭᠯᠡᠭᠡᠨ ᠤ ᠵᠦᠢᠯᠡᠰ ᠢ

ᠬᠠᠭᠤᠴᠢᠨ ᠢᠶᠠᠷ ᠰᠢᠨ᠎ᠡ ᠶᠢ ᠰᠣᠯᠢᠬᠤ ᠶᠢ ᠪᠦᠲᠦᠭᠡᠯᠴᠢ ᠴᠢᠨᠠᠷᠲᠠᠶ ᠪᠠᠷ ᠥᠷᠨᠢᠭᠦᠯᠵᠦ᠂ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠬᠤ ᠠᠵᠢᠯ ᠢ ᠵᠡᠷᠭᠡ ᠪᠠᠷ

ᠰᠠᠶᠢᠲᠤᠷ ᠬᠢᠬᠦ ᠬᠡᠷᠡᠭᠲᠡᠶ᠃

    ᠠᠷᠪᠠᠨ ᠨᠢᠭᠡ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃

    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠢᠶᠠᠨ ᠠᠬᠢᠭᠤᠯᠬᠤ᠂ ᠲᠥᠷᠥᠯ ᠵᠦᠢᠯ ᠢ ᠬᠡᠷᠡᠭᠵᠢᠭᠦᠯᠬᠦ᠂ ᠪᠠᠯᠠ ᠮᠥᠩᠭᠦ ᠶᠢᠨ

ᠬᠡᠷᠡᠭᠯᠡᠯᠲᠡ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠳᠤ ᠴᠠᠭ ᠲᠤᠨᠢ ᠳᠣᠭᠢᠷᠠᠭᠤᠯᠤᠨ ᠥᠪᠡᠷ ᠢ ᠪᠠᠨ ᠦᠨᠡᠯᠡᠵᠦ ᠥᠪᠡᠰᠦᠪᠡᠨ

ᠪᠠᠶᠢᠴᠠᠭᠠᠬᠤ ᠶᠢ ᠥᠷᠨᠢᠭᠦᠯᠵᠦ᠂ ᠪᠠᠯᠠ ᠮᠥᠩᠭᠦ ᠎ ᠶᠢᠨ ᠬᠡᠷᠡᠭᠯᠡᠯᠲᠡ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠶ ᠎ ᠳᠤᠨᠢ

ᠬᠤᠲᠠ ᠎ ᠶᠢᠨ ᠬᠥᠭᠵᠢᠭᠦᠯᠦᠯᠲᠡ ᠥᠭᠡᠷᠡᠴᠢᠯᠡᠯᠲᠡ ᠎ ᠶᠢᠨ ᠵᠥᠪᠯᠡᠯ᠂ ᠡᠳ᠋ ᠎ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠬᠤᠲᠠ ᠶᠢᠨ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠠᠴᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ

ᠬᠤᠷᠢᠶᠠᠩᠭᠤᠶᠢᠯᠠᠨ ᠪᠦᠷᠢᠯᠳᠦᠭᠦᠯᠬᠦ ᠶᠢᠨ ᠬᠠᠮᠲᠤ᠂ ᠦᠨᠡᠯᠡᠨ ᠵᠢᠱᠢᠭᠰᠡᠨ ᠮᠡᠳᠡᠭᠦᠯᠦᠯᠲᠡ ᠎ ᠶᠢ ᠦᠷᠭᠦᠯᠵᠢᠯᠡᠨ ᠰᠢᠯᠢᠳᠡᠭᠵᠢᠭᠦᠯᠬᠦ ᠪᠠᠯᠠ ᠮᠥᠩᠭᠦ ᠎ ᠶᠢᠨ ᠲᠣᠬᠢᠷᠠᠭᠤᠯᠤᠯᠲᠠ 

᠎ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃

    ᠠᠷᠪᠠᠨ ᠬᠤᠶᠠᠷ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃

ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠪᠠ ᠤᠬᠠᠭᠤᠯᠤᠨ

ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠷᠡᠭᠯᠡᠭᠡᠨ ᠤ ᠵᠦᠢᠯ ᠎ ᠤᠨ ᠬᠠᠭᠤᠴᠢᠨ ᠢᠶᠠᠷ

ᠰᠢᠨ᠎ᠡ ᠶᠢ ᠰᠣᠯᠢᠬᠤ ᠨᠥᠬᠦᠪᠥᠷᠢ ᠶᠢᠨ ᠠᠵᠢᠯ ᠤᠨ ᠡᠬᠢᠯᠡᠯᠲᠡ ᠶᠢᠨ ᠶᠣᠰᠣᠯᠠᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠬᠦᠷᠢᠶᠡᠨ ᠤ

ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠬᠦ ᠬᠡᠷᠡᠭᠲᠡᠶ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠤᠳ ᠲᠤᠰ ᠲᠤᠰ ᠤᠨ ᠬᠦᠷᠢᠶᠡᠨ ᠳᠠᠬᠢ

ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠤᠬᠠᠭᠤᠯᠭ᠎ᠠ ᠎ ᠶᠢᠨ ᠠᠷᠭ᠎ᠠ ᠵᠠᠮ ᠢᠶᠠᠨ ᠪᠠᠶᠠᠯᠢᠭᠵᠢᠭᠤᠯᠵᠤ᠂ ᠥᠷᠭᠡᠨ ᠤᠯᠠᠨ ᠬᠡᠷᠡᠭᠯᠡᠭᠴᠢᠳ ᠪᠣᠯᠤᠨ ᠡᠵᠡᠩᠨᠡᠯᠲᠡ ᠎ ᠶᠢᠨ

ᠭᠤᠣᠯ ᠴᠣᠭᠴᠠ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠮᠠᠳᠠᠭ ᠲᠠᠢ

ᠠᠰᠠᠭᠤᠳᠠᠯ ᠢ ᠬᠠᠷᠢᠭᠤᠯᠬᠤ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠵᠤ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃

ᠡᠯ᠎ᠡ ᠬᠤᠰᠢᠭᠤ ᠰᠢᠶᠠᠨ ᠲᠣᠭᠤᠷᠢᠭ ᠨᠢ ᠵᠠᠰᠠᠭ ᠤᠨ ᠣᠷᠳᠣᠨ ᠤ  ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠲᠤᠰᠬᠠᠶ ᠪᠤᠯᠤᠩ ᠲᠣᠬᠢᠷᠠᠭᠤᠯᠬᠤ᠂

︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ

ᠪᠣᠳᠣᠯᠭ᠎ᠠ ᠶᠢᠨ ᠲᠠᠶᠢᠯᠤᠮᠵᠢ ᠪᠠ ᠦᠷ᠎ᠡ ᠪᠦᠲᠦᠮᠵᠢ ᠶᠢᠨ ᠤᠬᠠᠭᠤᠯᠭ᠎ᠠ ᠎ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ

ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠣᠶ  ᠪᠣᠯᠭᠠᠬᠤ ᠬᠡᠷᠡᠭᠲᠡᠢ ᠃

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ