︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/8
        ᠮᠠᠨ ᠤ ᠬᠤᠲᠠ ᠶᠢᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠳᠣᠷᠣᠭᠰᠢ ︽ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠲᠣᠳᠣᠷᠬᠠᠶᠢᠯᠠᠶ᠎ᠠ᠄    ᠨᠢᠭᠡ᠂ ︽ᠪᠡᠯᠡᠳᠬᠡᠯ ᠲᠥᠰᠦᠯ︾᠎ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ( 2024 ᠣᠨ ᠎ ᠤ ᠬᠡᠪᠯᠡᠯ︶︾ ᠎ ᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠳᠤ ᠵᠠᠰᠠᠪᠤᠷᠢ ᠣᠷᠣᠭᠤᠯᠪᠠ᠃    ᠬᠤᠶᠠᠷ᠂ ︽ᠪᠡᠯᠡᠳᠬᠡᠯ ᠲᠥᠰᠦᠯ︾᠎ ᠳᠤ ᠵᠠᠰᠠᠪᠤᠷᠢ ᠣᠷᠣᠭᠤᠯᠤᠭᠰᠠᠨ ᠶᠠᠪᠤᠴᠠ    ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠨᠡ ᠵᠢᠯ ᠎ ᠤᠨ 7 ᠰᠠᠷ᠎ᠠ ᠳᠤ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠶᠢ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠪᠡᠯᠡᠳᠬᠡᠯ ᠲᠥᠰᠦᠯ ᠎ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠂ ᠠᠵᠢᠯᠯᠠᠬᠤ ᠳᠤᠭᠤᠶᠢᠯᠠᠩ ᠳᠠᠬᠢᠨ ᠳᠠᠪᠲᠠᠨ ᠪᠠᠶᠢᠴᠠᠭᠠᠨ ᠰᠤᠳᠤᠯᠤᠯᠲᠠ ᠬᠢᠵᠦ ᠭᠦᠨᠵᠡᠭᠡᠶ ᠰᠤᠳᠤᠯᠤᠨ ᠶᠠᠷᠢᠯᠴᠠᠵᠤ᠂ ︽ᠪᠡᠯᠡᠳᠬᠡᠯ ᠲᠥᠰᠦᠯ︾᠎ ᠤᠨ ᠡᠬᠡ ᠨᠣᠤᠷᠠᠭ ᠢ ᠪᠣᠶ ᠪᠣᠯᠭᠠᠭᠰᠠᠨ ᠤ ᠳᠠᠷᠠᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠰᠠᠨᠠᠯ ᠢ ᠪᠢᠴᠢᠭ ᠢᠶᠠᠷ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠡᠮᠵᠢᠨ᠂ ︽ᠪᠡᠯᠡᠳᠬᠡᠯ ᠲᠥᠰᠦᠯ︾᠎ ᠳᠤ ᠵᠠᠰᠠᠪᠤᠷᠢ ᠣᠷᠣᠭᠤᠯᠤᠭᠰᠠᠨ ᠡᠬᠡ ᠨᠣᠤᠷᠠᠭ ᠢ ᠪᠣᠶ ᠪᠣᠯᠭᠠᠪᠠ᠃    ᠭᠤᠷᠪᠠ᠂ ︽ᠪᠡᠯᠡᠳᠬᠡᠯ ᠲᠥᠰᠦᠯ︾᠎ ᠤᠨ ᠭᠤᠤᠯ ᠠᠭᠤᠯᠭ᠎ᠠ    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠯᠡᠳᠬᠡᠯ ᠲᠥᠰᠥᠯ ᠨᠡᠶᠢᠲᠡ 10 ᠪᠦᠯᠦᠭ   ᠎ ᠲᠠᠢ᠃    ᠨᠢᠭᠡᠳᠦᠭᠡᠷ ᠪᠦᠯᠦᠭ᠂ ᠶᠡᠷᠦᠩᠬᠡᠶ ᠳᠦᠷᠢᠮ᠃ ᠭᠤᠣᠯᠳᠠᠭᠤ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ ᠂ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠤᠨ ᠲᠤᠬᠠᠶ ᠲᠣᠳᠣᠷᠬᠠᠶᠢᠯᠠᠨ ᠥᠭᠦᠯᠡᠪᠡ᠃ ᠳᠡᠭᠡᠷ᠎ᠡ ᠨᠢᠭᠡ ᠬᠡᠪᠯᠡᠯ ᠤᠨ ᠪᠡᠯᠡᠳᠬᠡᠯ ᠲᠥᠰᠦᠯ ᠎ ᠲᠠᠢ ᠬᠠᠷᠢᠴᠠᠭᠤᠯᠪᠠᠯ᠂ ᠭᠦᠷᠦᠮᠡᠯ ᠵᠣᠷᠢᠯᠭ᠎ᠠ ᠳᠤ ᠲᠣᠬᠢᠷᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠎ ᠤ ᠬᠠᠮᠲᠤ ᠎ ᠶᠢᠨ ᠴᠣᠭᠴᠠ ᠎ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ ᠵᠣᠷᠢᠯᠭ᠎ᠠ ᠶᠢ ᠰᠢᠨ᠎ᠡ ᠪᠠᠷ ᠨᠡᠮᠡᠪᠡ᠃    ᠬᠤᠶᠠᠳᠤᠭᠠᠷ ᠪᠦᠯᠦᠭ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠢ ᠲᠠᠰ ᠬᠤᠪᠢᠶᠠᠬᠤ᠃ ᠭᠤᠤᠯᠳᠠᠭᠤ ᠣᠨᠴᠠ ᠲᠣᠮᠣ ᠬᠡᠯᠪᠡᠷᠢ ᠶᠢᠨ᠂ ᠲᠣᠮᠣ ᠬᠡᠯᠪᠡᠷᠢ ᠶᠢᠨ᠂ ᠳᠤᠮᠳᠠ ᠬᠡᠯᠪᠡᠷᠢ ᠶᠢᠨ᠂ ᠵᠢᠵᠢᠭ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠎ ᠤᠨ ᠲᠦᠭᠰᠢᠭᠦᠷᠢᠲᠦ ᠪᠠᠶᠢᠳᠠᠯ ᠪᠠ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠪᠠᠶᠢᠳᠠᠯ ᠤᠨ ᠤᠬᠠᠭᠳᠠᠬᠤᠨ ᠢ ᠲᠣᠳᠣᠷᠬᠠᠶᠢᠯᠠᠨ ᠥᠭᠦᠯᠡᠪᠡ᠃    ᠭᠤᠷᠪᠠᠳᠤᠭᠠᠷ ᠪᠦᠯᠦᠭ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ᠃ ᠭᠤᠤᠯᠳᠠᠭᠤ ᠤᠳᠤᠷᠢᠳᠬᠤ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠂ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠥᠭᠦᠯᠡᠪᠡ᠃    ᠳᠥᠷᠪᠡᠳᠦᠭᠡᠷ ᠪᠦᠯᠦᠭ᠂ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠃ ᠭᠤᠣᠯᠳᠠᠭᠤ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠂ ᠤᠷᠢᠳᠴᠢᠯᠠᠨ ᠰᠡᠷᠭᠡᠶᠢᠯᠡᠵᠦ ᠰᠡᠷᠡᠮᠵᠢᠯᠡᠭᠦᠯᠬᠦ ᠠᠵᠢᠯᠯᠠᠭ᠎ᠠ᠂ ᠭᠠᠵᠠᠷ ᠤᠨ ᠭᠠᠮᠰᠢᠭ ᠢ ᠲᠦᠷᠭᠡᠨ ᠮᠡᠳᠡᠭᠦᠯᠬᠦ ᠲᠦᠷᠢᠮ ᠤᠨ ᠲᠤᠬᠠᠢ ᠲᠣᠳᠣᠷᠬᠠᠶᠢᠯᠠᠨ ᠥᠭᠦᠯᠡᠪᠡ᠃    ᠲᠠᠪᠤᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ᠃ ᠭᠤᠣᠯᠳᠠᠭᠤ ᠣᠨᠴᠠ ᠲᠣᠮᠣ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠎ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ︵Ⅰᠲᠠᠰ︶᠂ ᠲᠣᠮᠣ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ︵Ⅱᠲᠠᠰ︶ ᠂ ᠳᠤᠮᠳᠠ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠎ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ︵Ⅲᠲᠠᠰ ︶᠂ ᠵᠢᠵᠢᠭ ᠬᠡᠯᠪᠡᠷᠢ ᠶᠢᠨ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ  ︵Ⅳᠲᠠᠰ ︶᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠬᠠᠬᠤ ᠎ ᠶᠢ ᠲᠣᠳᠣᠷᠬᠠᠶᠢᠯᠠᠨ ᠥᠭᠦᠯᠡᠪᠡ᠃    ᠵᠢᠷᠭᠤᠳᠤᠭᠠᠷ ᠪᠦᠯᠦᠭ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ ᠭᠤᠣᠯᠳᠠᠭᠤ ᠪᠠᠴᠢᠮ ᠶᠠᠭᠠᠷᠠᠯᠲᠠᠢ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ᠂ ᠬᠢᠨᠠᠨ ᠬᠡᠮᠵᠢᠯᠲᠡ ᠪᠠ ᠵᠠᠰᠠᠯᠲᠠ᠂ ᠡᠮᠴᠢᠯᠡᠭᠡᠨ ᠤ ᠠᠪᠤᠷᠠᠨ ᠲᠤᠰᠠᠯᠠᠯᠲᠠ ᠪᠠ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ ᠪᠠ ᠴᠢᠮᠡᠭᠡ ᠬᠤᠯᠪᠣᠭ᠎ᠠ᠂ ᠦᠨᠳᠦᠰᠦᠨ ᠠᠮᠢᠳᠤᠷᠠᠯ ᠤᠨ ᠪᠠᠲᠤᠯᠠᠭ᠎ᠠ ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠰᠢᠢᠳᠪᠦᠷᠢᠯᠡᠬᠦ ᠲᠤᠬᠠᠢ ᠲᠣᠳᠣᠷᠬᠠᠶᠢᠯᠠᠨ ᠥᠭᠦᠯᠡᠪᠡ᠃    ᠳᠣᠯᠣᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠃ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠳᠠᠮᠵᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠪᠠᠲᠤᠯᠠᠭ᠎ᠠ᠂ ᠤᠬᠠᠭᠤᠯᠭ᠎ᠠ ᠬᠢᠭᠡᠳ ᠪᠣᠯᠪᠠᠰᠤᠷᠠᠭᠤᠯᠤᠯ᠂ ᠮᠡᠳᠡᠭᠡ ᠵᠠᠩᠭᠢ ᠨᠡᠶᠢᠲᠡᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠲᠠᠯ᠎ᠠ ᠪᠠᠷ ᠲᠣᠳᠣᠷᠬᠠᠶᠢᠯᠠᠨ ᠥᠭᠦᠯᠡᠪᠡ᠃    ᠨᠠᠢᠮᠠᠳᠤᠭᠠᠷ ᠪᠦᠯᠦᠭ᠂ ᠪᠡᠯᠡᠳᠬᠡᠯ ᠲᠥᠰᠦᠯ ᠤᠨ ᠬᠠᠮᠢᠶᠠᠷᠤᠯᠲᠠ᠃ ᠭᠤᠤᠯᠳᠠᠭᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠭᠤᠤᠯ ᠴᠣᠭᠴᠠ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠨᠥᠬᠦᠴᠡᠯ ᠢ ᠲᠣᠳᠣᠷᠬᠠᠶᠢᠯᠠᠨ ᠥᠭᠦᠯᠡᠪᠡ᠃ᠶᠢᠰᠦᠳᠦᠭᠡᠷ ᠪᠦᠯᠦᠭ᠂ ᠬᠠᠷᠢᠭᠤᠴᠠᠯᠭ᠎ᠠ ᠪᠠ ᠱᠠᠩᠨᠡᠯᠲᠠ᠃ ᠭᠤᠤᠯᠳᠠᠭᠤ ᠬᠥᠬᠢᠭᠦᠯᠦᠨ ᠱᠠᠩᠨᠠᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠲᠣᠳᠣᠷᠬᠠᠶᠢᠯᠠᠨ ᠥᠭᠦᠯᠡᠪᠡ᠃    ᠠᠷᠪᠠᠳᠤᠭᠠᠷ ᠪᠦᠯᠦᠭ᠂ ᠳᠠᠭᠠᠯᠳᠤᠭᠤᠯᠤᠭᠰᠠᠨ ᠳᠦᠷᠢᠮ᠃ ᠭᠤᠤᠯ ᠨᠢ ᠨᠡᠷ᠎ᠡ ᠲᠤᠮᠢᠶ᠎ᠠ ᠪᠠ ᠲᠤᠳᠣᠷᠬᠠᠶᠢᠯᠠᠯᠲᠠ᠂ ᠪᠡᠯᠡᠳᠬᠡᠯ ᠲᠥᠰᠦᠯ ᠤᠨ ᠲᠠᠶᠢᠯᠪᠤᠷᠢᠯᠠᠬᠤ ᠰᠠᠯᠠᠭ᠎ᠠ ᠮᠥᠴᠢᠷ᠂ ᠪᠡᠯᠡᠳᠬᠡᠯ ᠲᠥᠰᠦᠯ ᠤᠨ ᠬᠡᠷᠡᠭᠵᠢᠭᠦᠯᠦᠯᠲᠡ ᠶᠢᠨ ᠲᠤᠬᠠᠶ ᠲᠤᠳᠣᠷᠬᠠᠶᠢᠯᠠᠯᠲᠠ ᠬᠢᠪᠡ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ