ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/16
   ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠎ ᠢ ᠦᠷᠭᠦᠯᠵᠢᠯᠡᠨ ᠰᠢᠯᠢᠳᠡᠭᠵᠢᠭᠦᠯᠬᠦ ᠎ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠲᠤᠰ ᠱᠠᠲᠤᠨ ᠳᠤ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠎ ᠤᠨ ᠰᠠᠭᠤᠷᠢᠨ ᠳᠡᠭᠡᠷ᠎ᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠂ ᠬᠦᠴᠦᠨ ᠥᠬᠡᠶ ᠪᠣᠯᠭᠠᠬᠤ ᠲᠠᠶᠢᠯᠪᠤᠷᠢ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾  ︵ᠥᠪᠥᠷ ᠵᠠᠰᠠᠭ ᠲᠠᠷᠬᠠᠭᠠᠭᠰᠠᠨ ﹇2023 ﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠬᠡ ᠬᠠᠷᠢᠭᠤᠴᠠᠯᠭ᠎ᠠ ᠎ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ 6077 ᠵᠦᠢᠯ ᠤᠨ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠎ ᠶᠢᠨ ᠵᠦᠢᠯᠡᠰ ᠲᠤ ᠲᠣᠬᠢᠷᠠᠭᠤᠯᠤᠯᠲᠠ ᠬᠢᠵᠦ ᠦᠯᠡᠳᠡᠭᠡᠵᠦ ᠂ ︵ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ︶ 212 ᠵᠦᠢᠯ ᠤᠨ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠎ᠶ᠋ᠢᠨ ᠵᠦᠢᠯᠡᠰ ᠎ ᠢ ᠬᠦᠴᠦᠨ ᠦᠭᠡᠢ ᠪᠣᠯᠭᠠᠪᠠ᠂ ᠡᠳᠦᠭᠡ ︽ᠤᠯᠠᠭᠠᠨᠬᠠᠳᠠ ᠬᠤᠲᠠ ᠎ ᠶᠢᠨ ᠲᠣᠰ ᠱᠠᠲᠤᠨ ᠎ ᠤ ᠰᠠᠯᠠᠭ᠎ᠠ ᠮᠥᠴᠢᠷ ᠎ ᠤᠨ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠎ ᠶᠢᠨ ᠦᠯᠡᠳᠡᠭᠡᠬᠦ  ᠵᠦᠢᠯᠡᠰ ᠤᠨ ᠭᠠᠷᠴᠠᠭ ︵2024 ᠣᠨ ᠎ ᠤ ᠬᠡᠪᠯᠡᠯ︶︾ ᠪᠠ ︽ ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢᠨ ᠬᠦᠴᠦᠨ ᠥᠬᠡᠶ ᠪᠣᠯᠭᠠᠬᠤ ᠵᠦᠢᠯᠡᠰ ᠤᠨ ᠭᠠᠷᠴᠠᠭ︾ ᠎ ᠢ ᠨᠡᠶᠢᠲᠡᠯᠡᠬᠦ ᠎ ᠶᠢᠨ ᠬᠠᠮᠲᠤ ᠳᠣᠤᠷᠠᠬᠢ ᠠᠵᠢᠯ ᠎ ᠤᠳ ᠎ ᠢ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃    ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃    ᠬᠠᠤᠯᠢ ᠎ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠎ ᠶᠢ ᠡᠷᠬᠡᠪᠰᠢ ᠭᠦᠢᠴᠡᠳᠬᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠬᠡ ᠶᠢ ᠴᠥᠮ ᠬᠠᠤᠯᠢ ᠶᠢ ᠵᠥᠷᠢᠴᠡᠨ ᠬᠡᠷᠡᠭᠵᠢᠭᠦᠯᠵᠦ ᠪᠣᠯᠬᠤ ᠦᠭᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠵᠠᠬᠢᠷᠭᠠᠨ ᠤ ᠬᠢᠨᠠᠨ  ᠵᠥᠪᠰᠢᠶᠡᠷᠡᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠷᠤᠨ ᠨᠢ ᠲᠤᠰ ᠤᠳᠠᠭᠠᠨ ᠤ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠎ ᠶᠢᠨ ᠲᠤᠬᠢᠷᠠᠭᠤᠯᠭ᠎ᠠ ᠎ ᠶᠢᠨ ᠪᠠᠶᠢᠳᠠᠯ ᠎ ᠢ ᠦᠨᠳᠦᠰᠦᠯᠡᠨ᠂ ᠬᠦᠳᠡᠯᠦᠩᠭᠦᠢ ᠲᠣᠬᠢᠷᠠᠭᠤᠯᠬᠤ ᠵᠠᠷᠴᠢᠮ ᠪᠣᠯᠣᠨ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠲᠤᠰ ᠭᠠᠵᠠᠷ ᠤᠷᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠤᠬᠢᠷᠠᠭᠤᠯᠤᠯᠲᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠎ ᠤ ᠵᠦᠢᠯᠡᠰ ᠎ ᠢ ᠪᠠᠷᠢᠮᠵᠢᠶᠠᠵᠢᠭᠤᠯᠬᠤ ᠠᠵᠢᠯ ᠎ ᠢ ᠱᠠᠯᠠᠪᠳᠠᠨ ᠦᠷᠨᠢᠭᠦᠯᠬᠦ ᠬᠡᠷᠡᠭᠲᠡᠢ᠃       ᠬᠤᠶᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ ᠃    ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠎ ᠶᠢ ᠬᠥᠳᠡᠯᠦᠩᠭᠦᠶ ᠎ ᠪᠠᠷ ᠲᠣᠬᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠡᠷᠬᠡ ᠶᠢ ᠳᠣᠷᠣᠭᠰᠢ ᠪᠠᠭᠤᠯᠭᠠᠵᠤ ᠡᠨᠧᠷᠭᠢ ᠣᠯᠭᠤᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠎ ᠶᠢ ᠤᠶᠠᠯᠳᠤᠭᠤᠯᠬᠤ ᠎ ᠶᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠭ᠎ᠠ ᠎ ᠲᠠᠢ ᠵᠠᠰᠠᠭ ᠎ ᠤᠨ ᠣᠷᠳᠣᠨ ᠨᠠᠩ ᠰᠠᠶᠢᠨ ᠤᠶᠠᠯᠳᠤᠭᠤᠯᠬᠤ ᠎ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠦᠨ ᠲᠤᠰᠢᠶᠠᠵᠤ ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠡᠷᠬᠡ ᠪᠠᠨ ᠲᠠᠯᠪᠢᠵᠤ ᠳᠡᠶᠢᠯᠬᠦ᠂ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠳᠤ ᠲᠣᠳᠣᠷᠬᠠᠶ ᠬᠦᠴᠦᠨ ᠥᠬᠡᠶ ᠪᠣᠯᠭᠠᠬᠤ ᠵᠦᠢᠯᠡᠰ ᠢ ᠴᠥᠮ ᠳᠠᠬᠢᠨ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ ᠃ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠥᠬᠡᠶ ᠪᠣᠯᠭᠠᠭᠰᠠᠨ ᠪᠣᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠶ ᠵᠦᠢᠯᠡᠰ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ︽ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ           ︹2019︺ 18 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠬᠤᠭᠤᠰᠣᠨ ᠪᠣᠯᠬᠤ ᠠᠴᠠ ᠵᠠᠶᠢᠯᠠᠰᠬᠢᠬᠦ ᠬᠡᠷᠡᠭᠲᠡᠶ ᠃ ᠳᠣᠷᠣᠭᠰᠢ ᠪᠠᠭᠤᠯᠭᠠᠭᠰᠠᠨ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠦᠢᠯᠡᠰ ᠲᠤ ᠴᠢᠭᠯᠡᠭᠦᠯᠦᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠠᠵᠢᠯ ᠲᠥᠷᠥᠯ ᠤᠨ ᠵᠢᠯᠣᠭᠤᠳᠣᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠪᠠᠷᠢᠮᠵᠢᠶ᠎ᠠ ᠶᠢ ᠬᠡᠷᠡᠭᠵᠢᠭᠦᠯᠬᠦ ᠵᠡᠷᠭᠡ ᠲᠦᠷᠢᠮ ᠤᠨ ᠵᠢᠷᠤᠮᠵᠢᠯ ᠢ ᠲᠣᠭᠲᠠᠭᠠᠬᠤ ᠎ ᠶᠢᠨ ᠬᠠᠮᠲᠤ ᠂ ᠲᠤᠬᠠᠶᠢᠯᠠᠭᠰᠠᠨ ᠠᠵᠢᠯ ᠎ ᠤᠨ ᠰᠢᠰᠲ᠋ᠧᠮ ᠎ ᠤᠨ ᠡᠷᠬᠡ ᠣᠯᠭᠤᠯᠲᠠ᠂ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠵᠡᠷᠭᠡ ᠲᠠᠯ᠎ᠠ ᠪᠠᠷ ᠳᠠᠭᠠᠭᠠᠨ ᠠᠪᠤᠭᠰᠠᠨ ᠰᠠᠯᠠᠭ᠎ᠠ ᠮᠥᠴᠢᠷ ᠎ ᠲᠤ ᠲᠤᠯᠭᠠᠭᠤᠷᠢᠯᠠᠯ ᠎ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠭᠠᠵᠠᠷ ᠣᠷᠣᠨ ᠎ ᠨᠢ ᠵᠤᠷᠪᠤᠰ ᠳᠠᠷᠠᠭᠠᠯᠠᠨ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠎ ᠶᠢ ᠳᠣᠷᠣᠭᠰᠢ ᠰᠢᠯᠵᠢᠭᠦᠯᠬᠦ︶᠎ ᠶᠢ ᠳᠠᠭᠠᠭᠠᠨ ᠠᠪᠬᠤ ᠭᠤᠤᠯ ᠴᠣᠭᠴᠠ ᠎ ᠶᠢ ᠲᠣᠳᠣᠷᠬᠠᠶᠢᠯᠠᠵᠤ᠂ ᠰᠠᠨᠠᠭᠠᠴᠢᠯᠠᠭ᠎ᠠ ᠎ ᠠᠴᠠ ᠎ ᠪᠠᠨ ᠳᠣᠷᠣᠭᠰᠢ ᠪᠠᠭᠤᠯᠭᠠᠬᠤ ᠰᠠᠯᠠᠭ᠎ᠠ ᠮᠥᠴᠢᠷ ᠎ ᠢ ᠵᠣᠯᠭᠠᠭᠤᠯᠤᠨ᠂ ᠲᠤᠬᠠᠶᠢᠯᠠᠭᠰᠠᠨ ᠠᠵᠢᠯ ᠎ ᠢ ᠭᠦᠢᠴᠡᠳᠭᠡᠬᠦ ᠴᠤᠪᠤᠷᠠᠯ ᠢ ᠵᠢᠯᠣᠭᠤᠳᠤᠨ ᠰᠢᠯᠢᠳᠡᠭᠵᠢᠭᠦᠯᠬᠦ ᠬᠡᠷᠡᠭᠲᠡᠶ᠃    ᠭᠤᠷᠪᠠ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠬᠦ ᠬᠡᠷᠡᠭᠲᠡᠢ᠃    ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠶᠢ ᠨᠡᠶᠢᠲᠡᠯᠡᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠎ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠲᠣᠰ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠪᠦᠷᠢᠨ ᠪᠦᠲᠦᠨ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵ᠡᠷᠬᠡ ᠶᠢᠨ ᠨᠡᠷᠡᠶᠢᠳᠦᠯ᠂ ᠲᠥᠷᠥᠯ ᠢᠯᠭᠠᠯ᠂ ᠬᠠᠷᠢᠭᠤᠴᠠᠯᠭ᠎ᠠ ᠶᠢᠨ ᠭᠤᠤᠯ ᠴᠣᠭᠴᠠ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠵᠦᠢᠯᠡᠰ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠠᠭᠤᠯᠭ᠎ᠠ ︶᠎ ᠶᠢ ᠨᠡᠶᠢᠲᠡᠯᠡᠵᠦ᠂ ᠤᠬᠠᠭᠤᠯᠤᠨ ᠲᠠᠶᠢᠯᠪᠤᠷᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ᠂ ᠨᠡᠶᠢᠭᠡᠮ ᠎ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠬᠦ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠯᠦᠭᠡ ᠵᠣᠯᠭᠠᠭᠤᠯᠵᠤ᠂ ᠠᠯᠬᠤᠮ ᠳᠠᠷᠠᠭ᠎ᠠ ᠎ ᠶᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ᠂ ᠮᠠᠲ᠋ᠧᠷᠢᠶᠠᠯ ᠤᠨ ᠲᠥᠷᠥᠯ ᠬᠡᠯᠪᠡᠷᠢ᠂ ᠬᠡᠷᠡᠭ ᠶᠠᠪᠤᠳᠠᠯ ᠦᠨ ᠨᠡᠷᠡᠢᠳᠦᠯ᠂ ᠦᠨᠳᠦᠰᠦᠨ ᠺᠣᠳ᠋᠂ ᠬᠡᠷᠡᠭ ᠶᠠᠪᠤᠳᠠᠯ᠎ ᠤᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢᠯ ᠤᠨ ︽ᠭᠤᠷᠪᠠᠨ ᠱᠠᠲᠤ ᠳᠥᠷᠪᠡᠨ ᠠᠳᠠᠯᠢ︾᠎ ᠶᠢᠨ ᠰᠠᠭᠤᠷᠢᠨ ᠳᠡᠭᠡᠷ᠎ᠡ᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠣᠷᠣᠨ ᠪᠦᠰᠡ ᠶᠢᠨ ᠬᠤᠭᠤᠷᠣᠨᠳᠣᠬᠢ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠨᠢᠭᠡᠳᠦᠯᠲᠡᠶ ᠵᠢᠷᠤᠮᠵᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂ ᠭᠦᠢᠴᠡᠳᠭᠡᠬᠦ ᠴᠤᠪᠤᠷᠠᠯ ︵ᠪᠣᠳᠠᠲᠠᠶ ᠭᠤᠭᠴᠤᠭ᠎ᠠ ᠶᠢᠨ ᠬᠤᠪᠢᠶᠠᠷᠢᠯᠠᠯᠲᠠ ᠪᠠ ᠴᠤᠪᠤᠷᠠᠯ ᠵᠢᠷᠤᠭ ᠪᠠᠭᠲᠠᠨ᠎ᠠ︶᠂ ᠭᠤᠶᠤᠴᠢᠯᠠᠬᠤ ᠮᠠᠲ᠋ᠧᠷᠢᠶᠠᠯ ︵ᠮᠠᠲ᠋ᠧᠷᠢᠶᠠᠯ ᠤᠨ ᠨᠡᠷᠡᠶᠢᠳᠦᠯ᠂ ᠬᠡᠯᠪᠡᠷᠢ᠂ ᠬᠤᠪᠢ ᠲᠤᠭ᠎ᠠ ᠪᠠ ᠦᠷ᠎ᠡ ᠳ᠋ᠦᠩ ᠤᠨ ᠥᠯᠢᠭᠡᠷ ᠬᠦᠰᠦᠨᠦᠭᠲᠦ ᠪᠠᠭᠲᠠᠨ᠎ᠠ︶᠂ ᠬᠠᠤᠯᠢ ᠪᠠᠷ ᠲᠣᠭᠲᠠᠭᠠᠭᠰᠠᠨ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ ᠭᠦᠢᠴᠡᠳᠬᠡᠭᠰᠡᠨ ᠦᠷ᠎ᠡ ᠳ᠋ᠦᠩ᠂ ︵ ᠦᠷ᠎ᠡ ᠳ᠋ᠦᠩ ᠦᠨ ᠨᠡᠷᠡᠢᠳᠦᠯ ᠪᠠ ᠦᠷ᠎ᠡ ᠳ᠋ᠦᠩ ᠦᠨ ᠦᠯᠢᠭᠡᠷ ᠶᠠᠩᠵᠤ ᠪᠠᠭᠲᠠᠨ᠎ᠠ︶  ᠲᠤᠬᠠᠶᠢᠯᠠᠭᠰᠠᠨ ᠠᠵᠢᠯ ᠢ ᠭᠦᠢᠴᠡᠳᠬᠡᠬᠦ ᠵᠦᠢᠯ ᠢ ᠰᠠᠯᠭᠠᠬᠤ ᠪᠠᠷᠢᠮᠵᠢᠶ᠎ᠠ᠂ ᠬᠠᠤᠯᠢ ᠪᠠᠷ ᠲᠣᠭᠲᠠᠭᠠᠭᠰᠠᠨ ᠵᠠᠭᠤᠴᠢ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠴᠦᠨ ᠵᠦᠢᠯ ᠤᠨ ᠠᠭᠤᠯᠭ᠎ᠠ ᠶᠢ ᠪᠦᠬᠦ ᠬᠤᠲᠠ ᠶᠢᠨ ᠬᠡᠪᠴᠢᠶᠡᠨ ᠳᠤ ᠨᠢᠭᠡᠳᠦᠯᠲᠡᠶ ᠪᠠᠶᠢᠯᠭᠠᠬᠤ ᠶᠢ ᠪᠠᠲᠤᠯᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠎ ᠨᠦᠭᠦᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠭᠳᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠦᠭᠡᠢ᠃    ᠳᠥᠷᠪᠡ᠂ ᠠᠵᠢᠯᠯᠠᠭᠠᠨ ᠤ ᠬᠢᠨᠠᠯᠲᠠ ᠲᠠᠯᠪᠢᠬᠤ ᠲᠣᠭᠲᠠᠴᠠ ᠶᠢ ᠪᠣᠳᠠᠲᠠᠢ ᠪᠥᠭᠡᠳ ᠨᠠᠷᠢᠯᠢᠭ  ᠠᠳᠬᠤᠬᠤ ᠬᠡᠷᠡᠭᠲᠡᠢ᠃    ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ  ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠰᠢᠮᠳᠠᠭᠤᠯᠤᠨ ᠪᠠᠶᠢᠴᠠᠭᠠᠬᠤ ᠎ ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠳᠠᠯᠠᠵᠤ᠂ ᠨᠢᠭᠡ ᠶᠢ ᠲᠠᠯᠪᠢᠬᠤ ᠎ ᠠᠴᠠ ᠪᠢᠰᠢ ᠬᠠᠮᠢᠶᠠᠷᠬᠤ ᠦᠭᠡᠢ ᠪᠠᠶᠢᠬᠤ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠪ ᠴᠢᠩᠭ᠎ᠠ ᠴᠢᠨᠠᠷ᠂ ᠵᠢᠷᠤᠮᠵᠢᠯᠳᠤ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ  ᠬᠠᠮᠠᠭᠠᠯᠠᠬᠤ ᠬᠡᠷᠡᠭᠲᠡᠢ᠃ ᠡᠷᠬᠡ ᠶᠢ ᠳᠣᠷᠣᠭᠰᠢ ᠪᠠᠭᠤᠯᠭᠠᠭᠰᠠᠨ ᠡᠯ᠎ᠡ ᠰᠠᠯᠠᠭ᠎ᠠ ᠮᠥᠴᠢᠷ ᠤᠳ ᠡᠷᠬᠡ ᠶᠢ ᠳᠣᠷᠣᠭᠰᠢ ᠪᠠᠭᠤᠯᠭᠠᠭᠰᠠᠨ ᠵᠦᠢᠯᠡᠰ ᠢ ᠵᠢᠯᠣᠭᠤᠳᠤᠨ ᠬᠦᠯᠢᠶᠡᠨ ᠠᠪᠬᠤ᠂ ᠠᠵᠢᠯᠯᠠᠭᠠᠨ ᠢ ᠪᠠᠲᠤᠯᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠮᠥᠷᠳᠡᠨ ᠦᠨᠡᠯᠡᠬᠦ ᠪᠠ ᠬᠠᠷᠢᠭᠤ ᠰᠤᠷᠪᠤᠯᠵᠢᠯᠠᠬᠤ ᠪᠠᠶᠢᠴᠠᠭᠠᠨ ᠰᠤᠳᠤᠯᠤᠯᠲᠠ ᠎ ᠶᠢ ᠦᠷᠭᠦᠯᠵᠢᠯᠡᠨ ᠥᠷᠨᠢᠭᠦᠯᠵᠦ᠂ ᠬᠠᠭᠠᠰ ᠵᠢᠯ ᠪᠤᠶᠤ 1 ᠵᠢᠯ ᠳᠤ ᠨᠢᠭᠡ ᠤᠳᠠᠭ᠎ᠠ ︽ᠡᠷᠭᠢᠨ  ᠬᠠᠷᠠᠬᠤ︾᠎ ᠶᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠣᠷᠣᠨ ᠤ ᠳᠠᠭᠠᠭᠠᠨ ᠠᠪᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ ᠳᠠᠭᠠᠭᠠᠨ ᠠᠪᠬᠤ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ︔ ᠳᠠᠭᠠᠭᠠᠨ ᠠᠪᠤᠭᠰᠠᠨ ᠦᠷ᠎ᠡ ᠪᠦᠲᠦᠮᠵᠢ ᠪᠠᠷ ᠠᠨᠠᠢ ᠵᠦᠢᠯᠡᠰ ᠢ ᠣᠯᠵᠤ ᠮᠡᠳᠡᠪᠡᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠮᠠᠭᠠᠳᠯᠠᠵᠤ᠂ ᠦᠨᠡᠨᠬᠦ ᠳᠡᠭᠡᠭᠰᠢ ᠬᠤᠷᠢᠶᠠᠬᠤ ᠴᠢᠬᠤᠯᠠ ᠲᠠᠢ ᠪᠣᠯ ᠬᠤᠲᠠ ᠎ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ᠳᠠᠭᠠᠯᠳᠤᠭᠤᠯᠤᠯ᠄ 1. ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠎ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢᠨ ᠦᠯᠡᠳᠡᠭᠡᠬᠦ  ᠵᠦᠢᠯᠡᠰ ᠤᠨ ᠭᠠᠷᠴᠠᠭ  ︵2024 ᠬᠡᠪᠯᠡᠯ︶
  • ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ   ᠬᠦᠴᠦᠨ ᠦᠭᠡᠢ ᠪᠣᠯᠭᠠᠬᠤ ᠵᠦᠢᠯᠡᠰ ᠤᠨ ᠭᠠᠷᠴᠠᠭ 
  •  
  •                         ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ
  •                                2024 ᠣᠨ ᠤ 10 ᠰᠠᠷ᠎ᠠ ᠶᠢᠨ 18᠎ ᠤ ᠡᠳᠦᠷ
  •       ︵ᠲᠤᠰ ᠮᠠᠲ᠋ᠧᠷᠢᠶᠠᠯ ᠢ ᠢᠯᠡ ᠨᠡᠢᠲᠡᠯᠡᠨ᠎ᠡ︶
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ