ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/16
       2024 ᠣᠨ ᠎ ᠤ 3 ᠰᠠᠷ᠎ᠠ ᠎ ᠳᠤ᠂ ᠤᠯᠠᠭᠠᠨᠬᠠᠳᠠ ᠬᠤᠲᠠ ᠎ ᠶᠢᠨ ᠠᠷᠠᠳ ᠎ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠶᠢᠨ ᠦᠯᠡᠳᠡᠭᠡᠬᠦ  ᠵᠦᠢᠯᠡᠰ ᠤᠨ ᠭᠠᠷᠴᠠᠭ ︵2024 ᠣᠨ ᠎ ᠤ ᠬᠡᠪᠯᠡᠯ︶︾ ᠪᠠ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢᠨ  ᠬᠦᠴᠦᠨ ᠥᠬᠡᠶ ᠪᠣᠯᠭᠠᠬᠤ ᠵᠦᠢᠯᠡᠰ ᠤᠨ ᠭᠠᠷᠴᠠᠭ︾᠎ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃    ᠨᠢᠭᠡ᠂ ᠶᠠᠭᠤ ᠶᠢ ᠵᠠᠰᠠᠭ ᠵᠠᠬᠢᠷᠭᠠᠨ ᠤ ᠡᠷᠬᠡ ᠭᠡᠬᠦ ᠪᠤᠢ︖ ᠭᠤᠣᠯᠳᠠᠭᠤ ᠶᠠᠮᠠᠷ ᠲᠥᠷᠥᠯ ᠵᠦᠢᠯ ᠢ ᠪᠠᠭᠲᠠᠭᠠᠬᠤ ᠪᠤᠢ︖    ᠵᠠᠰᠠᠭ ᠵᠠᠬᠢᠷᠭᠠᠨ ᠤ ᠡᠷᠬᠡ ᠭᠡᠳᠡᠭ ᠨᠢ ᠵᠠᠰᠠᠭ ᠵᠠᠬᠢᠷᠭᠠᠨ ᠤ ᠪᠠᠢᠭᠤᠯᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠢᠭᠤᠯᠤᠯᠲᠠ ᠶᠢᠨ ᠬᠠᠤᠯᠢ ᠶᠣᠰᠣᠭᠠᠷ ᠭᠠᠷᠭᠠᠭᠰᠠᠨ ᠠᠷᠠᠳ ᠢᠷᠭᠡᠨ ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ  ᠪᠠᠢᠭᠤᠯᠤᠯᠲᠠ ᠶᠢᠨ ᠡᠷᠬᠡ᠂ ᠡᠭᠦᠷᠭᠡ ᠶᠢ ᠨᠥᠯᠥᠭᠡᠯᠡᠬᠦ ᠠᠵᠢᠯᠯᠠᠭ᠎ᠠ ᠶᠢ ᠵᠢᠭᠠᠵᠤ ᠪᠠᠢᠨ᠎ᠠ᠂ ᠭᠤᠣᠯᠳᠠᠭᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠨ ᠥᠭᠬᠦ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠬᠥᠬᠢᠭᠦᠯᠦᠯ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠳᠠᠩᠰᠠᠯᠠᠯ᠂ ᠵᠠᠰᠠᠭ ᠵᠠᠬᠢᠷᠭᠠᠨ ᠤ ᠪᠤᠰᠤᠳ ᠡᠷᠬᠡ ︵ᠭᠤᠶᠤᠴᠢᠯᠠᠬᠤ ᠲᠥᠷᠥᠯ︶᠂ ᠵᠠᠰᠠᠭ ᠵᠠᠬᠢᠷᠭᠠᠨ ᠤ ᠰᠢᠢᠳᠬᠡᠯ ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ᠂ ᠵᠠᠰᠠᠭ ᠵᠠᠬᠢᠷᠭᠠᠨ ᠤ ᠪᠤᠰᠤᠳ ᠡᠷᠬᠡ ︵ᠡᠷᠬᠡ ᠲᠤᠰᠢᠶᠠᠯ ᠤᠨ ᠲᠥᠷᠥᠯ︶ ᠵᠡᠷᠭᠡ ᠲᠥᠷᠥᠯ ᠬᠡᠯᠪᠡᠷᠢ ᠶᠢ ᠪᠠᠭᠲᠠᠭᠠᠨ᠎ᠠ᠃     ᠬᠤᠶᠠᠷ᠂ ᠶᠠᠭᠤᠨ ᠳᠤ ︽ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︾᠎ ᠶᠢ ᠡᠮᠬᠢᠯᠡᠬᠦ      ᠪᠣᠶ︖    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ 2021-2025 ᠣᠨ︶︾᠎ ᠶᠢᠨ ︽ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠤᠨ ᠣᠷᠳᠣᠨ ᠎ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠬᠥᠳᠡᠯᠦᠩᠭᠦᠶ ᠬᠠᠮᠢᠶᠠᠷᠤᠯᠲᠠ ᠎ ᠶᠢ ᠪᠡᠶᠡᠯᠡᠭᠦᠯᠵᠦ ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ ᠎ ᠶᠢᠨ ᠬᠠᠮᠢᠶᠠᠷᠤᠯᠲᠠ ᠎ ᠶᠢᠨ ᠲᠣᠪᠴᠢᠶ᠎ᠠ ᠲᠦᠷᠦᠭᠦᠯᠡᠨ ᠲᠣᠰ ᠱᠠᠲᠤᠨ ᠎ ᠤ ᠰᠠᠯᠠᠭ᠎ᠠ ᠮᠥᠴᠢᠷ ᠎ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠳᠣᠭᠢᠷᠠᠭᠤᠯᠬᠤ ᠠᠵᠢᠯ ᠎ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠶᠢ ᠲᠣᠭᠲᠠᠭᠠᠵᠤ ᠵᠠᠰᠠᠪᠤᠷᠢ ᠣᠷᠣᠭᠤᠯᠤᠨ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ᠂ ︽︿ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶﹀᠎ ᠶᠢ ᠨᠡᠶᠢᠲᠡᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2023 ﹈ 5 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠎ ᠤ ᠲᠣᠰ ᠱᠠᠲᠤᠨ ᠎ ᠤ ᠰᠠᠯᠠᠭ᠎ᠠ ᠮᠥᠴᠢᠷ ᠎ ᠤᠨ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ︵2023 ᠣᠨ ᠎ ᠤ ᠬᠡᠪᠯᠡᠯ︶ ᠵᠢᠴᠢ ᠳᠣᠷᠣᠭᠰᠢ ᠪᠠᠭᠤᠯᠭᠠᠭᠰᠠᠨ ᠭᠠᠷᠴᠠᠭ ᠎ ᠢ ᠨᠡᠶᠢᠲᠡᠯᠡᠬᠦ ᠲᠤᠬᠠᠶ ᠥᠪᠥᠷ ᠮᠣᠩᠭᠤᠯ ᠎ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023 ﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠎ ᠶᠢ ᠦᠨᠳᠦᠰᠦᠯᠡᠨ᠂ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠶᠢᠨ ᠠᠭᠤᠯᠭ᠎ᠠ ᠶᠢ ᠳᠠᠬᠢᠨ ᠡᠮᠬᠢᠯᠡᠪᠡ ᠃     ᠭᠤᠷᠪᠠ᠂ ᠨᠠᠷᠢᠨ ᠬᠠᠭᠤᠳᠠᠰᠤ ᠶᠢ ᠡᠮᠬᠢᠯᠡᠬᠦ ᠳᠤ ᠶᠠᠮᠠᠷ ᠶᠠᠮᠠᠷ ᠠᠯᠬᠤᠮ ᠳᠠᠷᠠᠭ᠎ᠠ ᠶᠢ  ᠥᠩᠭᠡᠷᠡᠭᠡᠬᠦ ᠪᠣᠶ︖    ᠡᠨᠡ ᠵᠢᠯ ᠤᠨ ᠡᠬᠢ ᠪᠠᠷ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠰᠠᠭᠤᠷᠢᠨ ᠳᠡᠭᠡᠷ᠎ᠡ ᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠬᠦ ᠰᠠᠨᠠᠯ ᠪᠠ ᠪᠥᠬᠦ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢᠨ ᠦᠯᠡᠳᠡᠭᠡᠬᠦ  ᠵᠦᠢᠯᠡᠰ ᠤᠨ ᠭᠠᠷᠴᠠᠭ ︵2024 ᠣᠨ ᠤ ᠬᠡᠪᠯᠡᠯ︶︾ ᠪᠠ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠶᠢᠨ  ᠬᠦᠴᠦᠨ ᠥᠬᠡᠶ ᠪᠣᠯᠭᠠᠬᠤ  ᠵᠦᠢᠯᠡᠰ ᠤᠨ ᠭᠠᠷᠴᠠᠭ︾ ︵ᠰᠠᠨᠠᠯ ᠬᠤᠷᠢᠶᠠᠬᠤ ᠨᠣᠤᠷᠠᠭ︶᠎ ᠢ ᠳᠠᠬᠢᠨ ᠡᠮᠬᠢᠯᠡᠨ ᠳᠢᠭᠯᠡᠪᠡ᠃ ᠡᠭᠦᠨ ᠤ ᠰᠠᠭᠤᠷᠢᠨ ᠳᠡᠭᠡᠷ᠎ᠡ᠂ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠡᠮᠬᠢᠯᠡᠨ ᠪᠦᠷᠢᠯᠳᠦᠭᠦᠯᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠠᠷ ᠳᠠᠮᠵᠢᠭᠤᠯᠤᠨ᠂ ᠨᠠᠷᠢᠨ ᠬᠠᠭᠤᠳᠠᠰᠤ ᠶᠢᠨ ᠠᠭᠤᠯᠭ᠎ᠠ ᠶᠢ ᠳᠠᠬᠢᠨ ᠳᠠᠪᠲᠠᠨ ᠡᠮᠬᠢᠯᠡᠵᠦ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠬᠤ ᠶᠢᠨ ᠬᠠᠮᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠭᠰᠠᠨ ᠰᠠᠨᠠᠯ ᠤᠨ ᠶᠣᠰᠣᠭᠠᠷ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠣᠶ ᠪᠣᠯᠭᠠᠪᠠ᠃     ᠳᠥᠷᠪᠡ᠂ ᠨᠠᠷᠢᠨ ᠬᠠᠭᠤᠳᠠᠰᠤ ᠶᠢ ᠡᠮᠬᠢᠯᠡᠬᠦ ᠵᠠᠷᠴᠢᠮ ᠨᠢ ᠶᠠᠭᠤ ᠶᠠᠭᠤ ᠪᠣᠶ︖    ᠨᠢᠭᠡ ᠳᠦ᠂ ᠡᠷᠬᠡ ᠬᠠᠷᠢᠭᠤᠴᠠᠯᠭ᠎ᠠ ᠶᠢᠨ ᠣᠷᠣᠨ ᠲᠤᠭ᠎ᠠ ᠶᠢ ᠲᠤᠳᠤᠷᠬᠠᠢᠯᠠᠬᠤ ᠬᠡᠷᠡᠭᠲᠡᠢ᠃ ᠲᠥᠷᠥ ᠎ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠡᠶᠢᠲᠡᠯᠡᠭᠰᠡᠨ ᠪᠥᠬᠦ ᠤᠯᠤᠰ ᠤᠨ ᠨᠢᠭᠡᠳᠦᠯᠲᠡᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶ ᠪᠠ ᠬᠡᠰᠡᠭ ᠤᠯᠤᠰ ᠤᠨ ᠶᠠᠮᠤᠨ ᠵᠥᠪᠯᠡᠯ ᠤᠨ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ᠵᠢᠴᠢ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ   ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠭᠠᠷᠴᠠᠭ ᠶᠣᠰᠣᠭᠠᠷ᠂ ᠬᠤᠲᠠ ᠶᠢᠨ ᠲᠣᠰ ᠱᠠᠲᠤᠨ ᠎ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠦᠢᠯᠡᠰ ᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠢᠭᠡᠳᠦᠯᠲᠡᠶ ᠵᠢᠷᠤᠮᠵᠢᠭᠤᠯᠤᠨ ᠦᠬᠦᠯᠡᠪᠡ ᠃    ᠬᠤᠶᠠᠷ ᠲᠤ᠂ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ ᠃ ᠤᠴᠢᠷ ᠶᠠᠪᠤᠳᠠᠯ ᠎ ᠤᠨ ᠨᠠᠷᠢᠨ ᠬᠠᠭᠤᠳᠠᠰᠤ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠢ ᠦᠨᠳᠦᠰᠦᠯᠡᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠲᠣᠰ ᠱᠠᠲᠤᠨ ᠤ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠲᠣᠬᠢᠷᠠᠭᠤᠯᠪᠠ ᠃ ᠡᠨᠡ ᠬᠤᠭᠤᠴᠠᠭᠠᠨ ᠳᠤ ᠰᠠᠯᠠᠭ᠎ᠠ ᠮᠥᠴᠢᠷ ᠤᠨ ᠣᠨᠴᠠ ᠵᠠᠷᠢᠮ ᠵᠦᠢᠯᠡᠰ ᠤᠨ ᠲᠣᠬᠢᠷᠠᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠶ ᠲᠣᠬᠢᠷᠠᠭᠤᠯᠤᠯᠲᠠ ᠬᠢᠪᠡ ᠃    ᠭᠤᠷᠪᠠ ᠳᠤ᠂ ᠡᠷᠬᠡ ᠶᠢᠨ ᠬᠢᠨᠠᠯᠲᠠ ᠶᠢ ᠪᠦᠷᠢᠨᠰᠢᠭᠦᠯᠬᠦ ᠬᠡᠷᠡᠭᠲᠡᠢ᠃ ᠳᠥᠷᠪᠡᠨ ᠲᠥᠷᠥᠯ ᠤᠨ ᠨᠠᠷᠢᠨ ᠬᠠᠭᠤᠳᠠᠰᠤ ᠶᠢᠨ ᠠᠭᠤᠯᠭ᠎ᠠ ᠶᠢ ᠨᠡᠶᠢᠭᠡᠮ ᠳᠤ ᠬᠠᠨᠳᠤᠭᠤᠯᠤᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠲᠠᠢ ᠬᠠᠷᠢᠴᠠᠭᠤᠯᠤᠨ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠎ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠬᠤᠲᠠ ᠎ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠎ ᠶᠢᠨ ᠲᠣᠪᠴᠢᠶ᠎ᠠ ᠎ ᠠᠴᠠ ᠡᠯ᠎ᠡ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠎ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠷᠬᠡ ᠶᠢᠨ ᠠᠵᠢᠯᠯᠠᠭᠠᠨ ᠎ ᠤ ᠶᠠᠪᠤᠴᠠ ᠳᠤ ᠡᠭᠦᠰᠦᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠵᠠᠯᠠᠷᠠᠭᠤᠯᠪᠠ ᠃     ᠲᠠᠪᠤ᠂ ᠨᠠᠷᠢᠨ ᠬᠠᠭᠤᠳᠠᠰᠤ ᠳᠤ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖    ᠭᠢᠯᠠᠰ ᠴᠡᠭ 1᠄ ᠨᠠᠷᠢᠨ ᠬᠠᠭᠤᠳᠠᠰᠤ ᠎ ᠶᠢᠨ ᠬᠤᠭᠤᠷᠣᠨᠳᠣᠬᠢ ᠪᠦᠲᠦᠮᠵᠢᠲᠡᠶ ᠵᠣᠯᠭᠠᠯᠴᠠᠭ᠎ᠠ ᠶᠢ ᠪᠡᠶᠡᠯᠡᠭᠦᠯᠪᠡ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠲᠠᠢ ᠬᠠᠷᠢᠴᠠᠭᠤᠯᠤᠨ ᠵᠠᠰᠠᠪᠤᠷᠢ ᠣᠷᠣᠭᠤᠯᠵᠤ ᠬᠦᠴᠦᠨ ᠥᠬᠡᠶ ᠪᠣᠯᠭᠠᠭᠰᠠᠨ ᠪᠠᠶᠢᠳᠠᠯ ᠎ ᠢ ᠡᠮᠬᠢᠯᠡᠨ ᠲᠠᠶᠢᠯᠪᠤᠷᠢᠯᠠᠭᠰᠠᠨ ᠰᠠᠭᠤᠷᠢᠨ ᠳᠡᠭᠡᠷ᠎ᠡ᠂ ᠡᠷᠬᠡ ᠬᠠᠷᠢᠭᠤᠴᠠᠯᠭ᠎ᠠ ᠎ ᠶᠢᠨ ᠨᠠᠷᠢᠨ ᠬᠠᠭᠤᠳᠠᠰᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠥᠬᠦ ᠤᠯᠤᠰ ᠤᠨ ᠨᠢᠭᠡᠳᠦᠯᠲᠡᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵ 2023 ᠣᠨ ᠎ ᠤ ᠬᠡᠪᠯᠡᠯ ︶᠂ ᠤᠯᠤᠰ ᠤᠨ ᠶᠠᠮᠤᠨ ᠵᠥᠪᠯᠡᠯ ᠤᠨ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠂ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ ᠎ ᠤᠨ ᠴᠤᠪᠤᠷᠠᠯ ᠢ  ᠰᠢᠯᠢᠳᠡᠭᠵᠢᠭᠦᠯᠬᠦ︾ ᠎ ᠤᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠵᠡᠷᠭᠡ ᠲᠠᠢ ᠭᠦᠢᠴᠡᠳ ᠵᠣᠯᠭᠠᠭᠤᠯᠤᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠎ ᠶᠢᠨ ᠤᠯᠠᠭᠠᠨᠬᠠᠳᠠ ᠶᠢᠨ ᠥᠷᠲᠡᠭᠡ ᠴᠡᠭ ᠤᠨ ︽ᠰᠠᠭᠤᠷᠢ ᠨᠠᠷᠢᠨ ᠬᠠᠭᠤᠳᠠᠰᠤ︾᠎ ᠳᠤ ᠵᠠᠷᠯᠠᠨ ᠨᠡᠶᠢᠲᠡᠯᠡᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ ᠬᠤᠯᠪᠣᠭᠳᠠᠭᠤᠯᠤᠨ ᠳᠡᠯᠭᠡᠨ ᠦᠵᠡᠭᠦᠯᠵᠦ᠂ ᠠᠵᠤ ᠠᠬᠤᠶᠢᠯᠠᠯ ᠣᠯᠠᠨ ᠲᠦᠮᠡᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠴᠠᠭᠠᠨ ᠦᠵᠡᠬᠦ ᠳᠡᠭᠡᠨ ᠵᠠᠰᠠᠭ ᠎ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠴᠤᠪᠤᠷᠠᠯ ᠤᠨ ᠮᠡᠳᠡᠭᠡ ᠵᠠᠩᠭᠢ ᠶᠢ ᠰᠢᠭᠤᠳ ᠪᠠᠶᠢᠴᠠᠭᠠᠨ ᠦᠵᠡᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠬᠡᠷᠡᠭᠲᠡᠢ ᠃    ᠭᠢᠯᠠᠰ ᠴᠡᠭ 2᠄ ᠡᠷᠬᠡ ᠶᠢᠨ ᠠᠵᠢᠯᠯᠠᠭᠠᠨ ᠤ ᠬᠢᠨᠠᠯᠲᠠ ᠲᠠᠯᠪᠢᠬᠤ ᠲᠣᠭᠲᠠᠴᠠ ᠶᠢ ᠨᠠᠷᠢᠯᠢᠭᠵᠢᠭᠤᠯᠪᠠ᠃ ᠰᠠᠯᠠᠭ᠎ᠠ ᠮᠥᠴᠢᠷ ᠤᠨ ᠨᠢᠭᠡ ᠯᠡ ᠲᠠᠯᠪᠢᠪᠠᠯ᠂ ᠵᠥᠪᠬᠡᠨ ᠵᠥᠪᠰᠢᠶᠡᠷᠡᠭᠰᠡᠨ ᠴᠦ ᠬᠠᠮᠢᠶᠠᠷᠬᠤ ᠦᠭᠡᠢ ᠵᠡᠷᠭᠡ ᠠᠰᠠᠭᠤᠳᠠᠯ ᠠᠴᠠ ᠵᠠᠶᠢᠯᠠᠰᠬᠢᠬᠦ ᠶᠢᠨ ᠲᠥᠯᠥᠭᠡ᠂ ᠮᠠᠨ ᠤ ᠬᠤᠲᠠ ᠎ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠣᠷᠣᠭᠰᠢ ᠪᠠᠭᠤᠯᠭᠠᠭᠰᠠᠨ ᠡᠷᠬᠡ ᠶᠢᠨ ᠤᠴᠢᠷ ᠶᠠᠪᠤᠳᠠᠯ ᠢ ᠵᠢᠯᠣᠭᠤᠳᠤᠨ ᠬᠦᠯᠢᠶᠡᠨ ᠠᠪᠬᠤ᠂ ᠠᠵᠢᠯᠯᠠᠭᠠᠨ ᠢ ᠪᠠᠲᠤᠯᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠬᠠᠷᠢᠭᠤᠴᠠᠯᠭ᠎ᠠ ᠡᠭᠦᠷᠭᠡᠯᠡᠬᠦ ᠶᠢ ᠲᠣᠳᠣᠷᠬᠠᠶᠢᠯᠠᠵᠤ᠂ ᠡᠯ᠎ᠡ ᠰᠠᠯᠠᠭ᠎ᠠ ᠮᠥᠴᠢᠷ ᠢ ᠮᠥᠷᠳᠡᠨ ᠦᠨᠡᠯᠡᠨ ᠵᠢᠱᠢᠬᠦ ᠪᠠ ᠬᠠᠷᠢᠭᠤ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠬᠦ ᠶᠢ ᠦᠷᠭᠦᠯᠵᠢᠯᠡᠨ ᠥᠷᠨᠢᠭᠦᠯᠵᠦ᠂ ᠡᠯ᠎ᠡ ᠭᠠᠵᠠᠷ ᠣᠷᠣᠨ ᠤ ᠳᠠᠭᠠᠭᠠᠨ ᠠᠪᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠬᠤ ᠶᠢᠨ ᠬᠠᠮᠲᠤ ᠳᠠᠭᠠᠭᠠᠨ ᠠᠪᠬᠤ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ   ᠬᠡᠷᠡᠭᠲᠡᠢ᠃    ᠭᠢᠯᠠᠰ ᠴᠡᠭ 3᠄ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠪᠠ᠃ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠵᠢᠴᠢ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠦᠢᠯ ᠳᠠᠷᠠᠭᠠᠯᠠᠨ ᠡᠮᠬᠢᠯᠡᠨ ᠳᠢᠭᠯᠡᠬᠦ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ ᠤᠨ ᠬᠡᠪᠴᠢᠶ᠎ᠡ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢ ᠪᠠᠷ ᠲᠣᠭᠲᠠᠭᠠᠬᠤ ᠶᠢ ᠠᠬᠢᠭᠤᠯᠤᠨ᠂ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠮᠳᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ