ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/16
   ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ  ᠢ ᠦᠷᠭᠦᠯᠵᠢᠯᠡᠨ ᠰᠢᠯᠢᠳᠡᠭᠵᠢᠭᠦᠯᠬᠦ  ᠶᠢᠨ ᠲᠥᠯᠥᠭᠡ᠂ ᠤᠯᠠᠭᠠᠨᠬᠠᠳᠠ ᠬᠤᠲᠠ ᠶᠢᠨ ᠲᠤᠰ ᠱᠠᠲᠤᠨ ᠳᠤ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ  ᠤᠨ ᠰᠠᠭᠤᠷᠢᠨ ᠳᠡᠭᠡᠷ᠎ᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠂ ᠬᠦᠴᠦᠨ ᠥᠬᠡᠶ ᠪᠣᠯᠭᠠᠬᠤ ᠲᠠᠶᠢᠯᠪᠤᠷᠢ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾  ︵ᠥᠪᠥᠷ ᠵᠠᠰᠠᠭ ᠲᠠᠷᠬᠠᠭᠠᠭᠰᠠᠨ ﹇2023 ﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠬᠡ ᠬᠠᠷᠢᠭᠤᠴᠠᠯᠭ᠎ᠠ  ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ 6077 ᠵᠦᠢᠯ ᠤᠨ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ  ᠶᠢᠨ ᠵᠦᠢᠯᠡᠰ ᠲᠤ ᠲᠣᠬᠢᠷᠠᠭᠤᠯᠤᠯᠲᠠ ᠬᠢᠵᠦ ᠦᠯᠡᠳᠡᠭᠡᠵᠦ ᠂ ︵ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠᠨ ᠳᠣᠷᠣᠭᠰᠢ ᠰᠢᠯᠵᠢᠭᠦᠯᠬᠦ︶ 212 ᠵᠦᠢᠯ ᠤᠨ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠎ᠶ᠋ᠢᠨ ᠵᠦᠢᠯᠡᠰ  ᠢ ᠬᠦᠴᠦᠨ ᠦᠭᠡᠢ ᠪᠣᠯᠭᠠᠪᠠ᠂ ᠡᠳᠦᠭᠡ ︽ᠤᠯᠠᠭᠠᠨᠬᠠᠳᠠ ᠬᠤᠲᠠ  ᠶᠢᠨ ᠲᠣᠰ ᠱᠠᠲᠤᠨ  ᠤ ᠰᠠᠯᠠᠭ᠎ᠠ ᠮᠥᠴᠢᠷ  ᠤᠨ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ  ᠶᠢᠨ ᠦᠯᠡᠳᠡᠭᠡᠬᠦ  ᠵᠦᠢᠯᠡᠰ ᠤᠨ ᠭᠠᠷᠴᠠᠭ ︵2024 ᠣᠨ  ᠤ ᠬᠡᠪᠯᠡᠯ︶︾ ᠪᠠ ︽ ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢᠨ ᠬᠦᠴᠦᠨ ᠥᠬᠡᠶ ᠪᠣᠯᠭᠠᠬᠤ ᠵᠦᠢᠯᠡᠰ ᠤᠨ ᠭᠠᠷᠴᠠᠭ︾  ᠢ ᠨᠡᠶᠢᠲᠡᠯᠡᠬᠦ  ᠶᠢᠨ ᠬᠠᠮᠲᠤ ᠳᠣᠤᠷᠠᠬᠢ ᠠᠵᠢᠯ  ᠤᠳ  ᠢ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃    ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃    ᠬᠠᠤᠯᠢ  ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ  ᠶᠢ ᠡᠷᠬᠡᠪᠰᠢ ᠭᠦᠢᠴᠡᠳᠬᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠡᠷᠬᠡ ᠶᠢ ᠴᠥᠮ ᠬᠠᠤᠯᠢ ᠶᠢ ᠵᠥᠷᠢᠴᠡᠨ ᠬᠡᠷᠡᠭᠵᠢᠭᠦᠯᠵᠦ ᠪᠣᠯᠬᠤ ᠦᠭᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠦᠯᠦᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠵᠠᠬᠢᠷᠭᠠᠨ ᠤ ᠬᠢᠨᠠᠨ  ᠵᠥᠪᠰᠢᠶᠡᠷᠡᠯ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠷᠤᠨ ᠨᠢ ᠲᠤᠰ ᠤᠳᠠᠭᠠᠨ ᠤ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ  ᠶᠢᠨ ᠲᠤᠬᠢᠷᠠᠭᠤᠯᠭ᠎ᠠ  ᠶᠢᠨ ᠪᠠᠶᠢᠳᠠᠯ  ᠢ ᠦᠨᠳᠦᠰᠦᠯᠡᠨ᠂ ᠬᠦᠳᠡᠯᠦᠩᠭᠦᠢ ᠲᠣᠬᠢᠷᠠᠭᠤᠯᠬᠤ ᠵᠠᠷᠴᠢᠮ ᠪᠣᠯᠣᠨ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠲᠤᠰ ᠭᠠᠵᠠᠷ ᠤᠷᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠤᠬᠢᠷᠠᠭᠤᠯᠤᠯᠲᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠵᠦᠢᠯᠡᠰ  ᠢ ᠪᠠᠷᠢᠮᠵᠢᠶᠠᠵᠢᠭᠤᠯᠬᠤ ᠠᠵᠢᠯ  ᠢ ᠱᠠᠯᠠᠪᠳᠠᠨ ᠦᠷᠨᠢᠭᠦᠯᠬᠦ ᠬᠡᠷᠡᠭᠲᠡᠢ᠃       ᠬᠤᠶᠠᠷ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ ᠃    ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ  ᠶᠢ ᠬᠥᠳᠡᠯᠦᠩᠭᠦᠶ  ᠪᠠᠷ ᠲᠣᠬᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠡᠷᠬᠡ ᠶᠢ ᠳᠣᠷᠣᠭᠰᠢ ᠪᠠᠭᠤᠯᠭᠠᠵᠤ ᠡᠨᠧᠷᠭᠢ ᠣᠯᠭᠤᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ  ᠶᠢ ᠤᠶᠠᠯᠳᠤᠭᠤᠯᠬᠤ  ᠶᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠭ᠎ᠠ  ᠲᠠᠢ ᠵᠠᠰᠠᠭ  ᠤᠨ ᠣᠷᠳᠣᠨ ᠨᠠᠩ ᠰᠠᠶᠢᠨ ᠤᠶᠠᠯᠳᠤᠭᠤᠯᠬᠤ  ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠦᠨ ᠲᠤᠰᠢᠶᠠᠵᠤ ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠡᠷᠬᠡ ᠪᠠᠨ ᠲᠠᠯᠪᠢᠵᠤ ᠳᠡᠶᠢᠯᠬᠦ᠂ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠳᠤ ᠲᠣᠳᠣᠷᠬᠠᠶ ᠬᠦᠴᠦᠨ ᠥᠬᠡᠶ ᠪᠣᠯᠭᠠᠬᠤ ᠵᠦᠢᠯᠡᠰ ᠢ ᠴᠥᠮ ᠳᠠᠬᠢᠨ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ ᠃ ᠬᠢᠨᠠᠨ ᠵᠥᠪᠰᠢᠶᠡᠷᠡᠬᠦ ᠶᠢ ᠨᠢᠭᠡᠨᠲᠡ ᠬᠦᠴᠦᠨ ᠥᠬᠡᠶ ᠪᠣᠯᠭᠠᠭᠰᠠᠨ ᠪᠣᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠶ ᠵᠦᠢᠯᠡᠰ ᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ︽ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ           ︹2019︺ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠬᠤᠭᠤᠰᠣᠨ ᠪᠣᠯᠬᠤ ᠠᠴᠠ ᠵᠠᠶᠢᠯᠠᠰᠬᠢᠬᠦ ᠬᠡᠷᠡᠭᠲᠡᠶ ᠃ ᠳᠣᠷᠣᠭᠰᠢ ᠪᠠᠭᠤᠯᠭᠠᠭᠰᠠᠨ ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︶ ᠵᠦᠢᠯᠡᠰ ᠲᠤ ᠴᠢᠭᠯᠡᠭᠦᠯᠦᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠨᠦᠭᠦᠳ ᠠᠵᠢᠯ ᠲᠥᠷᠥᠯ ᠤᠨ ᠵᠢᠯᠣᠭᠤᠳᠣᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠪᠠᠷᠢᠮᠵᠢᠶ᠎ᠠ ᠶᠢ ᠬᠡᠷᠡᠭᠵᠢᠭᠦᠯᠬᠦ ᠵᠡᠷᠭᠡ ᠲᠦᠷᠢᠮ ᠤᠨ ᠵᠢᠷᠤᠮᠵᠢᠯ ᠢ ᠲᠣᠭᠲᠠᠭᠠᠬᠤ  ᠶᠢᠨ ᠬᠠᠮᠲᠤ ᠂ ᠲᠤᠬᠠᠶᠢᠯᠠᠭᠰᠠᠨ ᠠᠵᠢᠯ  ᠤᠨ ᠰᠢᠰᠲ᠋ᠧᠮ  ᠤᠨ ᠡᠷᠬᠡ ᠣᠯᠭᠤᠯᠲᠠ᠂ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠵᠡᠷᠭᠡ ᠲᠠᠯ᠎ᠠ ᠪᠠᠷ ᠳᠠᠭᠠᠭᠠᠨ ᠠᠪᠤᠭᠰᠠᠨ ᠰᠠᠯᠠᠭ᠎ᠠ ᠮᠥᠴᠢᠷ  ᠲᠤ ᠲᠤᠯᠭᠠᠭᠤᠷᠢᠯᠠᠯ  ᠤᠨ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠭᠠᠵᠠᠷ ᠣᠷᠣᠨ  ᠨᠢ ᠵᠤᠷᠪᠤᠰ ᠳᠠᠷᠠᠭᠠᠯᠠᠨ ᠳᠣᠷᠣᠭᠰᠢ ᠪᠠᠭᠤᠯᠭᠠᠬᠤ ︵ᠬᠠᠤᠯᠢ ᠬᠡᠷᠡᠭᠵᠢᠭᠦᠯᠬᠦ ᠭᠤᠤᠯᠳᠠᠯᠭ᠎ᠠ  ᠶᠢ ᠳᠣᠷᠣᠭᠰᠢ ᠰᠢᠯᠵᠢᠭᠦᠯᠬᠦ︶ ᠶᠢ ᠳᠠᠭᠠᠭᠠᠨ ᠠᠪᠬᠤ ᠭᠤᠤᠯ ᠴᠣᠭᠴᠠ  ᠶᠢ ᠲᠣᠳᠣᠷᠬᠠᠶᠢᠯᠠᠵᠤ᠂ ᠰᠠᠨᠠᠭᠠᠴᠢᠯᠠᠭ᠎ᠠ  ᠠᠴᠠ  ᠪᠠᠨ ᠳᠣᠷᠣᠭᠰᠢ ᠪᠠᠭᠤᠯᠭᠠᠬᠤ ᠰᠠᠯᠠᠭ᠎ᠠ ᠮᠥᠴᠢᠷ  ᠢ ᠵᠣᠯᠭᠠᠭᠤᠯᠤᠨ᠂ ᠲᠤᠬᠠᠶᠢᠯᠠᠭᠰᠠᠨ ᠠᠵᠢᠯ  ᠢ ᠭᠦᠢᠴᠡᠳᠭᠡᠬᠦ ᠴᠤᠪᠤᠷᠠᠯ ᠢ ᠵᠢᠯᠣᠭᠤᠳᠤᠨ ᠰᠢᠯᠢᠳᠡᠭᠵᠢᠭᠦᠯᠬᠦ ᠬᠡᠷᠡᠭᠲᠡᠶ᠃    ᠭᠤᠷᠪᠠ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠬᠦ ᠬᠡᠷᠡᠭᠲᠡᠢ᠃    ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ᠶᠢ ᠨᠡᠶᠢᠲᠡᠯᠡᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠬᠦ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠲᠣᠰ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠪᠦᠷᠢᠨ ᠪᠦᠲᠦᠨ ᠬᠡᠪᠯᠡᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵ᠡᠷᠬᠡ ᠶᠢᠨ ᠨᠡᠷᠡᠶᠢᠳᠦᠯ᠂ ᠲᠥᠷᠥᠯ ᠢᠯᠭᠠᠯ᠂ ᠬᠠᠷᠢᠭᠤᠴᠠᠯᠭ᠎ᠠ ᠶᠢᠨ ᠭᠤᠤᠯ ᠴᠣᠭᠴᠠ᠂ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠵᠦᠢᠯᠡᠰ᠂ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ ᠵᠡᠷᠭᠡ ᠠᠭᠤᠯᠭ᠎ᠠ ︶ ᠶᠢ ᠨᠡᠶᠢᠲᠡᠯᠡᠵᠦ᠂ ᠤᠬᠠᠭᠤᠯᠤᠨ ᠲᠠᠶᠢᠯᠪᠤᠷᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ᠂ ᠨᠡᠶᠢᠭᠡᠮ  ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠬᠦ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠯᠦᠭᠡ ᠵᠣᠯᠭᠠᠭᠤᠯᠵᠤ᠂ ᠠᠯᠬᠤᠮ ᠳᠠᠷᠠᠭ᠎ᠠ  ᠶᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ᠂ ᠮᠠᠲ᠋ᠧᠷᠢᠶᠠᠯ ᠤᠨ ᠲᠥᠷᠥᠯ ᠬᠡᠯᠪᠡᠷᠢ᠂ ᠬᠡᠷᠡᠭ ᠶᠠᠪᠤᠳᠠᠯ ᠦᠨ ᠨᠡᠷᠡᠢᠳᠦᠯ᠂ ᠦᠨᠳᠦᠰᠦᠨ ᠺᠣᠳ᠋᠂ ᠬᠡᠷᠡᠭ ᠶᠠᠪᠤᠳᠠᠯ᠎ ᠤᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ ᠵᠡᠷᠭᠡ ᠦᠨᠳᠦᠰᠦᠨ ᠬᠦᠴᠦᠨ ᠵᠦᠢᠯ ᠤᠨ ︽ᠭᠤᠷᠪᠠᠨ ᠱᠠᠲᠤ ᠳᠥᠷᠪᠡᠨ ᠠᠳᠠᠯᠢ︾ ᠶᠢᠨ ᠰᠠᠭᠤᠷᠢᠨ ᠳᠡᠭᠡᠷ᠎ᠡ᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠣᠷᠣᠨ ᠪᠦᠰᠡ ᠶᠢᠨ ᠬᠤᠭᠤᠷᠣᠨᠳᠣᠬᠢ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠨᠢᠭᠡᠳᠦᠯᠲᠡᠶ ᠵᠢᠷᠤᠮᠵᠢᠭᠤᠯᠵᠤ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂ ᠭᠦᠢᠴᠡᠳᠭᠡᠬᠦ ᠴᠤᠪᠤᠷᠠᠯ ︵ᠪᠣᠳᠠᠲᠠᠶ ᠭᠤᠭᠴᠤᠭ᠎ᠠ ᠶᠢᠨ ᠬᠤᠪᠢᠶᠠᠷᠢᠯᠠᠯᠲᠠ ᠪᠠ ᠴᠤᠪᠤᠷᠠᠯ ᠵᠢᠷᠤᠭ ᠪᠠᠭᠲᠠᠨ᠎ᠠ︶᠂ ᠭᠤᠶᠤᠴᠢᠯᠠᠬᠤ ᠮᠠᠲ᠋ᠧᠷᠢᠶᠠᠯ ︵ᠮᠠᠲ᠋ᠧᠷᠢᠶᠠᠯ ᠤᠨ ᠨᠡᠷᠡᠶᠢᠳᠦᠯ᠂ ᠬᠡᠯᠪᠡᠷᠢ᠂ ᠬᠤᠪᠢ ᠲᠤᠭ᠎ᠠ ᠪᠠ ᠦᠷ᠎ᠡ ᠳ᠋ᠦᠩ ᠤᠨ ᠥᠯᠢᠭᠡᠷ ᠬᠦᠰᠦᠨᠦᠭᠲᠦ ᠪᠠᠭᠲᠠᠨ᠎ᠠ︶᠂ ᠬᠠᠤᠯᠢ ᠪᠠᠷ ᠲᠣᠭᠲᠠᠭᠠᠭᠰᠠᠨ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ ᠭᠦᠢᠴᠡᠳᠬᠡᠭᠰᠡᠨ ᠦᠷ᠎ᠡ ᠳ᠋ᠦᠩ᠂ ︵ ᠦᠷ᠎ᠡ ᠳ᠋ᠦᠩ ᠦᠨ ᠨᠡᠷᠡᠢᠳᠦᠯ ᠪᠠ ᠦᠷ᠎ᠡ ᠳ᠋ᠦᠩ ᠦᠨ ᠦᠯᠢᠭᠡᠷ ᠶᠠᠩᠵᠤ ᠪᠠᠭᠲᠠᠨ᠎ᠠ︶  ᠲᠤᠬᠠᠶᠢᠯᠠᠭᠰᠠᠨ ᠠᠵᠢᠯ ᠢ ᠭᠦᠢᠴᠡᠳᠬᠡᠬᠦ ᠵᠦᠢᠯ ᠢ ᠰᠠᠯᠭᠠᠬᠤ ᠪᠠᠷᠢᠮᠵᠢᠶ᠎ᠠ᠂ ᠬᠠᠤᠯᠢ ᠪᠠᠷ ᠲᠣᠭᠲᠠᠭᠠᠭᠰᠠᠨ ᠵᠠᠭᠤᠴᠢ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠴᠦᠨ ᠵᠦᠢᠯ ᠤᠨ ᠠᠭᠤᠯᠭ᠎ᠠ ᠶᠢ ᠪᠦᠬᠦ ᠬᠤᠲᠠ ᠶᠢᠨ ᠬᠡᠪᠴᠢᠶᠡᠨ ᠳᠤ ᠨᠢᠭᠡᠳᠦᠯᠲᠡᠶ ᠪᠠᠶᠢᠯᠭᠠᠬᠤ ᠶᠢ ᠪᠠᠲᠤᠯᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ  ᠨᠦᠭᠦᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ ᠮᠠᠲ᠋ᠧᠷᠢᠶᠠᠯ ᠢ ᠢᠯᠡᠭᠦᠴᠡ ᠨᠡᠮᠡᠭᠳᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ ᠦᠭᠡᠢ᠃    ᠳᠥᠷᠪᠡ᠂ ᠠᠵᠢᠯᠯᠠᠭᠠᠨ ᠤ ᠬᠢᠨᠠᠯᠲᠠ ᠲᠠᠯᠪᠢᠬᠤ ᠲᠣᠭᠲᠠᠴᠠ ᠶᠢ ᠪᠣᠳᠠᠲᠠᠢ ᠪᠥᠭᠡᠳ ᠨᠠᠷᠢᠯᠢᠭ  ᠠᠳᠬᠤᠬᠤ ᠬᠡᠷᠡᠭᠲᠡᠢ᠃    ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ  ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠰᠢᠮᠳᠠᠭᠤᠯᠤᠨ ᠪᠠᠶᠢᠴᠠᠭᠠᠬᠤ  ᠪᠠᠨ ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠳᠠᠯᠠᠵᠤ᠂ ᠨᠢᠭᠡ ᠶᠢ ᠲᠠᠯᠪᠢᠬᠤ  ᠠᠴᠠ ᠪᠢᠰᠢ ᠬᠠᠮᠢᠶᠠᠷᠬᠤ ᠦᠭᠡᠢ ᠪᠠᠶᠢᠬᠤ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠪ ᠴᠢᠩᠭ᠎ᠠ ᠴᠢᠨᠠᠷ᠂ ᠵᠢᠷᠤᠮᠵᠢᠯᠳᠤ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ  ᠬᠠᠮᠠᠭᠠᠯᠠᠬᠤ ᠬᠡᠷᠡᠭᠲᠡᠢ᠃ ᠡᠷᠬᠡ ᠶᠢ ᠳᠣᠷᠣᠭᠰᠢ ᠪᠠᠭᠤᠯᠭᠠᠭᠰᠠᠨ ᠡᠯ᠎ᠡ ᠰᠠᠯᠠᠭ᠎ᠠ ᠮᠥᠴᠢᠷ ᠤᠳ ᠡᠷᠬᠡ ᠶᠢ ᠳᠣᠷᠣᠭᠰᠢ ᠪᠠᠭᠤᠯᠭᠠᠭᠰᠠᠨ ᠵᠦᠢᠯᠡᠰ ᠢ ᠵᠢᠯᠣᠭᠤᠳᠤᠨ ᠬᠦᠯᠢᠶᠡᠨ ᠠᠪᠬᠤ᠂ ᠠᠵᠢᠯᠯᠠᠭᠠᠨ ᠢ ᠪᠠᠲᠤᠯᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠮᠥᠷᠳᠡᠨ ᠦᠨᠡᠯᠡᠬᠦ ᠪᠠ ᠬᠠᠷᠢᠭᠤ ᠰᠤᠷᠪᠤᠯᠵᠢᠯᠠᠬᠤ ᠪᠠᠶᠢᠴᠠᠭᠠᠨ ᠰᠤᠳᠤᠯᠤᠯᠲᠠ  ᠶᠢ ᠦᠷᠭᠦᠯᠵᠢᠯᠡᠨ ᠥᠷᠨᠢᠭᠦᠯᠵᠦ᠂ ᠬᠠᠭᠠᠰ ᠵᠢᠯ ᠪᠤᠶᠤ 1 ᠵᠢᠯ ᠳᠤ ᠨᠢᠭᠡ ᠤᠳᠠᠭ᠎ᠠ ︽ᠡᠷᠭᠢᠨ  ᠬᠠᠷᠠᠬᠤ︾ ᠶᠢ ᠵᠣᠬᠢᠶᠠᠨ ᠪᠠᠶᠢᠭᠤᠯᠵᠤ᠂ ᠡᠯ᠎ᠡ ᠭᠠᠵᠠᠷ ᠣᠷᠣᠨ ᠤ ᠳᠠᠭᠠᠭᠠᠨ ᠠᠪᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠵᠤ᠂ ᠳᠠᠭᠠᠭᠠᠨ ᠠᠪᠬᠤ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ︔ ᠳᠠᠭᠠᠭᠠᠨ ᠠᠪᠤᠭᠰᠠᠨ ᠦᠷ᠎ᠡ ᠪᠦᠲᠦᠮᠵᠢ ᠪᠠᠷ ᠠᠨᠠᠢ ᠵᠦᠢᠯᠡᠰ ᠢ ᠣᠯᠵᠤ ᠮᠡᠳᠡᠪᠡᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠮᠠᠭᠠᠳᠯᠠᠵᠤ᠂ ᠦᠨᠡᠨᠬᠦ ᠳᠡᠭᠡᠭᠰᠢ ᠬᠤᠷᠢᠶᠠᠬᠤ ᠴᠢᠬᠤᠯᠠ ᠲᠠᠢ ᠪᠣᠯ ᠬᠤᠲᠠ  ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ᠳᠠᠭᠠᠯᠳᠤᠭᠤᠯᠤᠯ᠄ 1. ᠤᠯᠠᠭᠠᠨᠬᠠᠳᠠ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ  ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢᠨ ᠦᠯᠡᠳᠡᠭᠡᠬᠦ  ᠵᠦᠢᠯᠡᠰ ᠤᠨ ᠭᠠᠷᠴᠠᠭ  ︵2024 ᠬᠡᠪᠯᠡᠯ︶
  • ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ   ᠬᠦᠴᠦᠨ ᠦᠭᠡᠢ ᠪᠣᠯᠭᠠᠬᠤ ᠵᠦᠢᠯᠡᠰ ᠤᠨ ᠭᠠᠷᠴᠠᠭ 
  •  
  •                         ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ
  •                                2024 ᠣᠨ ᠤ 10 ᠰᠠᠷ᠎ᠠ ᠶᠢᠨ 18 ᠤ ᠡᠳᠦᠷ
  •       ︵ᠲᠤᠰ ᠮᠠᠲ᠋ᠧᠷᠢᠶᠠᠯ ᠢ ᠢᠯᠡ ᠨᠡᠢᠲᠡᠯᠡᠨ᠎ᠡ︶
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ