ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/16
       2024 ᠣᠨ  ᠤ 3 ᠰᠠᠷ᠎ᠠ  ᠳᠤ᠂ ᠤᠯᠠᠭᠠᠨᠬᠠᠳᠠ ᠬᠤᠲᠠ  ᠶᠢᠨ ᠠᠷᠠᠳ  ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ᠶᠢᠨ ᠦᠯᠡᠳᠡᠭᠡᠬᠦ  ᠵᠦᠢᠯᠡᠰ ᠤᠨ ᠭᠠᠷᠴᠠᠭ ︵2024 ᠣᠨ  ᠤ ᠬᠡᠪᠯᠡᠯ︶︾ ᠪᠠ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢᠨ  ᠬᠦᠴᠦᠨ ᠥᠬᠡᠶ ᠪᠣᠯᠭᠠᠬᠤ ᠵᠦᠢᠯᠡᠰ ᠤᠨ ᠭᠠᠷᠴᠠᠭ︾ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃    ᠨᠢᠭᠡ᠂ ᠶᠠᠭᠤ ᠶᠢ ᠵᠠᠰᠠᠭ ᠵᠠᠬᠢᠷᠭᠠᠨ ᠤ ᠡᠷᠬᠡ ᠭᠡᠬᠦ ᠪᠤᠢ︖ ᠭᠤᠣᠯᠳᠠᠭᠤ ᠶᠠᠮᠠᠷ ᠲᠥᠷᠥᠯ ᠵᠦᠢᠯ ᠢ ᠪᠠᠭᠲᠠᠭᠠᠬᠤ ᠪᠤᠢ︖    ᠵᠠᠰᠠᠭ ᠵᠠᠬᠢᠷᠭᠠᠨ ᠤ ᠡᠷᠬᠡ ᠭᠡᠳᠡᠭ ᠨᠢ ᠵᠠᠰᠠᠭ ᠵᠠᠬᠢᠷᠭᠠᠨ ᠤ ᠪᠠᠢᠭᠤᠯᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠢᠭᠤᠯᠤᠯᠲᠠ ᠶᠢᠨ ᠬᠠᠤᠯᠢ ᠶᠣᠰᠣᠭᠠᠷ ᠭᠠᠷᠭᠠᠭᠰᠠᠨ ᠠᠷᠠᠳ ᠢᠷᠭᠡᠨ ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ  ᠪᠠᠢᠭᠤᠯᠤᠯᠲᠠ ᠶᠢᠨ ᠡᠷᠬᠡ᠂ ᠡᠭᠦᠷᠭᠡ ᠶᠢ ᠨᠥᠯᠥᠭᠡᠯᠡᠬᠦ ᠠᠵᠢᠯᠯᠠᠭ᠎ᠠ ᠶᠢ ᠵᠢᠭᠠᠵᠤ ᠪᠠᠢᠨ᠎ᠠ᠂ ᠭᠤᠣᠯᠳᠠᠭᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠨ ᠥᠭᠬᠦ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠬᠥᠬᠢᠭᠦᠯᠦᠯ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠳᠠᠩᠰᠠᠯᠠᠯ᠂ ᠵᠠᠰᠠᠭ ᠵᠠᠬᠢᠷᠭᠠᠨ ᠤ ᠪᠤᠰᠤᠳ ᠡᠷᠬᠡ ︵ᠭᠤᠶᠤᠴᠢᠯᠠᠬᠤ ᠲᠥᠷᠥᠯ︶᠂ ᠵᠠᠰᠠᠭ ᠵᠠᠬᠢᠷᠭᠠᠨ ᠤ ᠰᠢᠢᠳᠬᠡᠯ ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢᠯᠠᠯᠲᠠ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ᠂ ᠵᠠᠰᠠᠭ ᠵᠠᠬᠢᠷᠭᠠᠨ ᠤ ᠪᠤᠰᠤᠳ ᠡᠷᠬᠡ ︵ᠡᠷᠬᠡ ᠲᠤᠰᠢᠶᠠᠯ ᠤᠨ ᠲᠥᠷᠥᠯ︶ ᠵᠡᠷᠭᠡ ᠲᠥᠷᠥᠯ ᠬᠡᠯᠪᠡᠷᠢ ᠶᠢ ᠪᠠᠭᠲᠠᠭᠠᠨ᠎ᠠ᠃     ᠬᠤᠶᠠᠷ᠂ ᠶᠠᠭᠤᠨ ᠳᠤ ︽ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︾ ᠶᠢ ᠡᠮᠬᠢᠯᠡᠬᠦ      ᠪᠣᠶ︖    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ 2021-2025 ᠣᠨ︶︾ ᠶᠢᠨ ︽ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠤᠨ ᠣᠷᠳᠣᠨ  ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠬᠥᠳᠡᠯᠦᠩᠭᠦᠶ ᠬᠠᠮᠢᠶᠠᠷᠤᠯᠲᠠ  ᠶᠢ ᠪᠡᠶᠡᠯᠡᠭᠦᠯᠵᠦ ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠡᠶᠢᠲ᠋ᠠ  ᠶᠢᠨ ᠬᠠᠮᠢᠶᠠᠷᠤᠯᠲᠠ  ᠶᠢᠨ ᠲᠣᠪᠴᠢᠶ᠎ᠠ ᠲᠦᠷᠦᠭᠦᠯᠡᠨ ᠲᠣᠰ ᠱᠠᠲᠤᠨ  ᠤ ᠰᠠᠯᠠᠭ᠎ᠠ ᠮᠥᠴᠢᠷ  ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠳᠣᠭᠢᠷᠠᠭᠤᠯᠬᠤ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠶᠢ ᠲᠣᠭᠲᠠᠭᠠᠵᠤ ᠵᠠᠰᠠᠪᠤᠷᠢ ᠣᠷᠣᠭᠤᠯᠤᠨ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ᠂ ︽︿ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶﹀ ᠶᠢ ᠨᠡᠶᠢᠲᠡᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2023 ﹈ 5 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ  ᠤ ᠲᠣᠰ ᠱᠠᠲᠤᠨ  ᠤ ᠰᠠᠯᠠᠭ᠎ᠠ ᠮᠥᠴᠢᠷ  ᠤᠨ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ︵2023 ᠣᠨ  ᠤ ᠬᠡᠪᠯᠡᠯ︶ ᠵᠢᠴᠢ ᠳᠣᠷᠣᠭᠰᠢ ᠪᠠᠭᠤᠯᠭᠠᠭᠰᠠᠨ ᠭᠠᠷᠴᠠᠭ  ᠢ ᠨᠡᠶᠢᠲᠡᠯᠡᠬᠦ ᠲᠤᠬᠠᠶ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023 ﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠦᠨᠳᠦᠰᠦᠯᠡᠨ᠂ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ᠶᠢᠨ ᠠᠭᠤᠯᠭ᠎ᠠ ᠶᠢ ᠳᠠᠬᠢᠨ ᠡᠮᠬᠢᠯᠡᠪᠡ ᠃     ᠭᠤᠷᠪᠠ᠂ ᠨᠠᠷᠢᠨ ᠬᠠᠭᠤᠳᠠᠰᠤ ᠶᠢ ᠡᠮᠬᠢᠯᠡᠬᠦ ᠳᠤ ᠶᠠᠮᠠᠷ ᠶᠠᠮᠠᠷ ᠠᠯᠬᠤᠮ ᠳᠠᠷᠠᠭ᠎ᠠ ᠶᠢ  ᠥᠩᠭᠡᠷᠡᠭᠡᠬᠦ ᠪᠣᠶ︖    ᠡᠨᠡ ᠵᠢᠯ ᠤᠨ ᠡᠬᠢ ᠪᠠᠷ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠰᠠᠭᠤᠷᠢᠨ ᠳᠡᠭᠡᠷ᠎ᠡ ᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠬᠦ ᠰᠠᠨᠠᠯ ᠪᠠ ᠪᠥᠬᠦ ᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢᠨ ᠦᠯᠡᠳᠡᠭᠡᠬᠦ  ᠵᠦᠢᠯᠡᠰ ᠤᠨ ᠭᠠᠷᠴᠠᠭ ︵2024 ᠣᠨ ᠤ ᠬᠡᠪᠯᠡᠯ︶︾ ᠪᠠ ︽ᠤᠯᠠᠭᠠᠨᠬᠠᠳᠠ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ᠶᠢᠨ  ᠬᠦᠴᠦᠨ ᠥᠬᠡᠶ ᠪᠣᠯᠭᠠᠬᠤ  ᠵᠦᠢᠯᠡᠰ ᠤᠨ ᠭᠠᠷᠴᠠᠭ︾ ︵ᠰᠠᠨᠠᠯ ᠬᠤᠷᠢᠶᠠᠬᠤ ᠨᠣᠤᠷᠠᠭ︶ ᠢ ᠳᠠᠬᠢᠨ ᠡᠮᠬᠢᠯᠡᠨ ᠳᠢᠭᠯᠡᠪᠡ᠃ ᠡᠭᠦᠨ ᠤ ᠰᠠᠭᠤᠷᠢᠨ ᠳᠡᠭᠡᠷ᠎ᠡ᠂ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠡᠮᠬᠢᠯᠡᠨ ᠪᠦᠷᠢᠯᠳᠦᠭᠦᠯᠵᠦ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠠᠷ ᠳᠠᠮᠵᠢᠭᠤᠯᠤᠨ᠂ ᠨᠠᠷᠢᠨ ᠬᠠᠭᠤᠳᠠᠰᠤ ᠶᠢᠨ ᠠᠭᠤᠯᠭ᠎ᠠ ᠶᠢ ᠳᠠᠬᠢᠨ ᠳᠠᠪᠲᠠᠨ ᠡᠮᠬᠢᠯᠡᠵᠦ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠬᠤ ᠶᠢᠨ ᠬᠠᠮᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠭᠰᠠᠨ ᠰᠠᠨᠠᠯ ᠤᠨ ᠶᠣᠰᠣᠭᠠᠷ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠣᠶ ᠪᠣᠯᠭᠠᠪᠠ᠃     ᠳᠥᠷᠪᠡ᠂ ᠨᠠᠷᠢᠨ ᠬᠠᠭᠤᠳᠠᠰᠤ ᠶᠢ ᠡᠮᠬᠢᠯᠡᠬᠦ ᠵᠠᠷᠴᠢᠮ ᠨᠢ ᠶᠠᠭᠤ ᠶᠠᠭᠤ ᠪᠣᠶ︖    ᠨᠢᠭᠡ ᠳᠦ᠂ ᠡᠷᠬᠡ ᠬᠠᠷᠢᠭᠤᠴᠠᠯᠭ᠎ᠠ ᠶᠢᠨ ᠣᠷᠣᠨ ᠲᠤᠭ᠎ᠠ ᠶᠢ ᠲᠤᠳᠤᠷᠬᠠᠢᠯᠠᠬᠤ ᠬᠡᠷᠡᠭᠲᠡᠢ᠃ ᠲᠥᠷᠥ  ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠡᠶᠢᠲᠡᠯᠡᠭᠰᠡᠨ ᠪᠥᠬᠦ ᠤᠯᠤᠰ ᠤᠨ ᠨᠢᠭᠡᠳᠦᠯᠲᠡᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶ ᠪᠠ ᠬᠡᠰᠡᠭ ᠤᠯᠤᠰ ᠤᠨ ᠶᠠᠮᠤᠨ ᠵᠥᠪᠯᠡᠯ ᠤᠨ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ᠵᠢᠴᠢ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ   ᠬᠡᠪᠯᠡᠯ︶ ᠵᠢᠴᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠭᠠᠷᠴᠠᠭ ᠶᠣᠰᠣᠭᠠᠷ᠂ ᠬᠤᠲᠠ ᠶᠢᠨ ᠲᠣᠰ ᠱᠠᠲᠤᠨ  ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠦᠢᠯᠡᠰ ᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠢᠭᠡᠳᠦᠯᠲᠡᠶ ᠵᠢᠷᠤᠮᠵᠢᠭᠤᠯᠤᠨ ᠦᠬᠦᠯᠡᠪᠡ ᠃    ᠬᠤᠶᠠᠷ ᠲᠤ᠂ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ ᠃ ᠤᠴᠢᠷ ᠶᠠᠪᠤᠳᠠᠯ  ᠤᠨ ᠨᠠᠷᠢᠨ ᠬᠠᠭᠤᠳᠠᠰᠤ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠠᠰ ᠳᠠᠷᠠᠭᠠᠯᠠᠯ ᠢ ᠦᠨᠳᠦᠰᠦᠯᠡᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠲᠣᠰ ᠱᠠᠲᠤᠨ ᠤ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ᠶᠢ ᠲᠥᠪᠯᠡᠷᠡᠭᠦᠯᠦᠨ ᠲᠣᠬᠢᠷᠠᠭᠤᠯᠪᠠ ᠃ ᠡᠨᠡ ᠬᠤᠭᠤᠴᠠᠭᠠᠨ ᠳᠤ ᠰᠠᠯᠠᠭ᠎ᠠ ᠮᠥᠴᠢᠷ ᠤᠨ ᠣᠨᠴᠠ ᠵᠠᠷᠢᠮ ᠵᠦᠢᠯᠡᠰ ᠤᠨ ᠲᠣᠬᠢᠷᠠᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠶ ᠲᠣᠬᠢᠷᠠᠭᠤᠯᠤᠯᠲᠠ ᠬᠢᠪᠡ ᠃    ᠭᠤᠷᠪᠠ ᠳᠤ᠂ ᠡᠷᠬᠡ ᠶᠢᠨ ᠬᠢᠨᠠᠯᠲᠠ ᠶᠢ ᠪᠦᠷᠢᠨᠰᠢᠭᠦᠯᠬᠦ ᠬᠡᠷᠡᠭᠲᠡᠢ᠃ ᠳᠥᠷᠪᠡᠨ ᠲᠥᠷᠥᠯ ᠤᠨ ᠨᠠᠷᠢᠨ ᠬᠠᠭᠤᠳᠠᠰᠤ ᠶᠢᠨ ᠠᠭᠤᠯᠭ᠎ᠠ ᠶᠢ ᠨᠡᠶᠢᠭᠡᠮ ᠳᠤ ᠬᠠᠨᠳᠤᠭᠤᠯᠤᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠲᠠᠢ ᠬᠠᠷᠢᠴᠠᠭᠤᠯᠤᠨ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠬᠤᠲᠠ  ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ  ᠶᠢᠨ ᠲᠣᠪᠴᠢᠶ᠎ᠠ  ᠠᠴᠠ ᠡᠯ᠎ᠡ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠷᠬᠡ ᠶᠢᠨ ᠠᠵᠢᠯᠯᠠᠭᠠᠨ  ᠤ ᠶᠠᠪᠤᠴᠠ ᠳᠤ ᠡᠭᠦᠰᠦᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠵᠠᠯᠠᠷᠠᠭᠤᠯᠪᠠ ᠃     ᠲᠠᠪᠤ᠂ ᠨᠠᠷᠢᠨ ᠬᠠᠭᠤᠳᠠᠰᠤ ᠳᠤ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖    ᠭᠢᠯᠠᠰ ᠴᠡᠭ 1᠄ ᠨᠠᠷᠢᠨ ᠬᠠᠭᠤᠳᠠᠰᠤ  ᠶᠢᠨ ᠬᠤᠭᠤᠷᠣᠨᠳᠣᠬᠢ ᠪᠦᠲᠦᠮᠵᠢᠲᠡᠶ ᠵᠣᠯᠭᠠᠯᠴᠠᠭ᠎ᠠ ᠶᠢ ᠪᠡᠶᠡᠯᠡᠭᠦᠯᠪᠡ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠲᠠᠢ ᠬᠠᠷᠢᠴᠠᠭᠤᠯᠤᠨ ᠵᠠᠰᠠᠪᠤᠷᠢ ᠣᠷᠣᠭᠤᠯᠵᠤ ᠬᠦᠴᠦᠨ ᠥᠬᠡᠶ ᠪᠣᠯᠭᠠᠭᠰᠠᠨ ᠪᠠᠶᠢᠳᠠᠯ  ᠢ ᠡᠮᠬᠢᠯᠡᠨ ᠲᠠᠶᠢᠯᠪᠤᠷᠢᠯᠠᠭᠰᠠᠨ ᠰᠠᠭᠤᠷᠢᠨ ᠳᠡᠭᠡᠷ᠎ᠡ᠂ ᠡᠷᠬᠡ ᠬᠠᠷᠢᠭᠤᠴᠠᠯᠭ᠎ᠠ  ᠶᠢᠨ ᠨᠠᠷᠢᠨ ᠬᠠᠭᠤᠳᠠᠰᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠥᠬᠦ ᠤᠯᠤᠰ ᠤᠨ ᠨᠢᠭᠡᠳᠦᠯᠲᠡᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵ 2023 ᠣᠨ  ᠤ ᠬᠡᠪᠯᠡᠯ ︶᠂ ᠤᠯᠤᠰ ᠤᠨ ᠶᠠᠮᠤᠨ ᠵᠥᠪᠯᠡᠯ ᠤᠨ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠵᠢᠯᠣᠭᠤᠳᠬᠤ ᠭᠠᠷᠴᠠᠭ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠂ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ  ᠤᠨ ᠴᠤᠪᠤᠷᠠᠯ ᠢ  ᠰᠢᠯᠢᠳᠡᠭᠵᠢᠭᠦᠯᠬᠦ︾  ᠤᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠵᠡᠷᠭᠡ ᠲᠠᠢ ᠭᠦᠢᠴᠡᠳ ᠵᠣᠯᠭᠠᠭᠤᠯᠤᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ  ᠶᠢᠨ ᠤᠯᠠᠭᠠᠨᠬᠠᠳᠠ ᠶᠢᠨ ᠥᠷᠲᠡᠭᠡ ᠴᠡᠭ ᠤᠨ ︽ᠰᠠᠭᠤᠷᠢ ᠨᠠᠷᠢᠨ ᠬᠠᠭᠤᠳᠠᠰᠤ︾ ᠳᠤ ᠵᠠᠷᠯᠠᠨ ᠨᠡᠶᠢᠲᠡᠯᠡᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ ᠬᠤᠯᠪᠣᠭᠳᠠᠭᠤᠯᠤᠨ ᠳᠡᠯᠭᠡᠨ ᠦᠵᠡᠭᠦᠯᠵᠦ᠂ ᠠᠵᠤ ᠠᠬᠤᠶᠢᠯᠠᠯ ᠣᠯᠠᠨ ᠲᠦᠮᠡᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠴᠠᠭᠠᠨ ᠦᠵᠡᠬᠦ ᠳᠡᠭᠡᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠴᠤᠪᠤᠷᠠᠯ ᠤᠨ ᠮᠡᠳᠡᠭᠡ ᠵᠠᠩᠭᠢ ᠶᠢ ᠰᠢᠭᠤᠳ ᠪᠠᠶᠢᠴᠠᠭᠠᠨ ᠦᠵᠡᠵᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠬᠡᠷᠡᠭᠲᠡᠢ ᠃    ᠭᠢᠯᠠᠰ ᠴᠡᠭ 2᠄ ᠡᠷᠬᠡ ᠶᠢᠨ ᠠᠵᠢᠯᠯᠠᠭᠠᠨ ᠤ ᠬᠢᠨᠠᠯᠲᠠ ᠲᠠᠯᠪᠢᠬᠤ ᠲᠣᠭᠲᠠᠴᠠ ᠶᠢ ᠨᠠᠷᠢᠯᠢᠭᠵᠢᠭᠤᠯᠪᠠ᠃ ᠰᠠᠯᠠᠭ᠎ᠠ ᠮᠥᠴᠢᠷ ᠤᠨ ᠨᠢᠭᠡ ᠯᠡ ᠲᠠᠯᠪᠢᠪᠠᠯ᠂ ᠵᠥᠪᠬᠡᠨ ᠵᠥᠪᠰᠢᠶᠡᠷᠡᠭᠰᠡᠨ ᠴᠦ ᠬᠠᠮᠢᠶᠠᠷᠬᠤ ᠦᠭᠡᠢ ᠵᠡᠷᠭᠡ ᠠᠰᠠᠭᠤᠳᠠᠯ ᠠᠴᠠ ᠵᠠᠶᠢᠯᠠᠰᠬᠢᠬᠦ ᠶᠢᠨ ᠲᠥᠯᠥᠭᠡ᠂ ᠮᠠᠨ ᠤ ᠬᠤᠲᠠ  ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠣᠷᠣᠭᠰᠢ ᠪᠠᠭᠤᠯᠭᠠᠭᠰᠠᠨ ᠡᠷᠬᠡ ᠶᠢᠨ ᠤᠴᠢᠷ ᠶᠠᠪᠤᠳᠠᠯ ᠢ ᠵᠢᠯᠣᠭᠤᠳᠤᠨ ᠬᠦᠯᠢᠶᠡᠨ ᠠᠪᠬᠤ᠂ ᠠᠵᠢᠯᠯᠠᠭᠠᠨ ᠢ ᠪᠠᠲᠤᠯᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠬᠠᠷᠢᠭᠤᠴᠠᠯᠭ᠎ᠠ ᠡᠭᠦᠷᠭᠡᠯᠡᠬᠦ ᠶᠢ ᠲᠣᠳᠣᠷᠬᠠᠶᠢᠯᠠᠵᠤ᠂ ᠡᠯ᠎ᠡ ᠰᠠᠯᠠᠭ᠎ᠠ ᠮᠥᠴᠢᠷ ᠢ ᠮᠥᠷᠳᠡᠨ ᠦᠨᠡᠯᠡᠨ ᠵᠢᠱᠢᠬᠦ ᠪᠠ ᠬᠠᠷᠢᠭᠤ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠬᠦ ᠶᠢ ᠦᠷᠭᠦᠯᠵᠢᠯᠡᠨ ᠥᠷᠨᠢᠭᠦᠯᠵᠦ᠂ ᠡᠯ᠎ᠡ ᠭᠠᠵᠠᠷ ᠣᠷᠣᠨ ᠤ ᠳᠠᠭᠠᠭᠠᠨ ᠠᠪᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠬᠤ ᠶᠢᠨ ᠬᠠᠮᠲᠤ ᠳᠠᠭᠠᠭᠠᠨ ᠠᠪᠬᠤ ᠰᠠᠯᠠᠭ᠎ᠠ ᠮᠥᠴᠢᠷ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ   ᠬᠡᠷᠡᠭᠲᠡᠢ᠃    ᠭᠢᠯᠠᠰ ᠴᠡᠭ 3᠄ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠪᠠ᠃ ᠵᠠᠰᠠᠭ ᠤᠨ ᠣᠷᠳᠣᠨ ᠵᠢᠴᠢ ᠲᠡᠭᠦᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠵᠢᠴᠢ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠦᠢᠯ ᠳᠠᠷᠠᠭᠠᠯᠠᠨ ᠡᠮᠬᠢᠯᠡᠨ ᠳᠢᠭᠯᠡᠬᠦ ᠶᠢᠨ ᠬᠠᠮᠲᠤ ᠨᠡᠶᠢᠭᠡᠮ ᠳᠤ ᠢᠯᠡ ᠪᠣᠯᠭᠠᠵᠤ᠂ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ ᠤᠨ ᠬᠡᠪᠴᠢᠶ᠎ᠡ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢ ᠪᠠᠷ ᠲᠣᠭᠲᠠᠭᠠᠬᠤ ᠶᠢ ᠠᠬᠢᠭᠤᠯᠤᠨ᠂ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠰᠢᠮᠳᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ