ᠮᠣᠷᠣᠺᠺᠤ ᠶᠢᠨ ᠤᠯᠤᠰ ᠤᠨ ᠸᠠᠩ ᠮᠦᠬᠠᠨᠮᠦ᠋ᠳ᠋ ᠵᠢᠷᠭᠤᠳᠤᠭᠠᠷ ᠤᠨ ᠲᠣᠮᠢᠯᠠᠯᠲᠠ ᠪᠠᠷ ᠮᠣᠷᠣᠺᠺᠤ ᠶᠢᠨ ᠸᠠᠩ ᠤᠨ ᠵᠠᠯᠭᠠᠮᠵᠢᠯᠠᠭᠴᠢ ᠬᠠᠰᠠᠩ ᠂ ᠲᠡᠷᠢᠭᠦᠨ | ᠰᠠᠶᠢᠳ ᠠᠾᠧᠨᠥ᠋ᠱ ᠲᠤᠰᠬᠠᠶᠢᠯᠠᠨ ᠨᠢᠰᠬᠡᠯ ᠤᠨ ᠪᠠᠭᠤᠳᠠᠯ ᠳᠤ ᠬᠦᠷᠴᠦ ᠰᠢ ᠶᠢᠨ ᠫᠢᠩ ᠢ ᠤᠭᠲᠤᠭᠰᠠᠨ ᠪᠥᠭᠡᠳ ᠨᠢᠰᠬᠡᠯ ᠤᠨ ᠪᠠᠭᠤᠳᠠᠯ ᠳᠤ ᠤᠭᠲᠤᠬᠤ ᠶᠣᠰᠣᠯᠠᠯ | ᠶᠠᠪᠤᠭᠤᠯᠪᠠ ᠃ | ᠰᠢ ᠶᠢᠨ ᠫᠢᠩ ᠸᠠᠩ ᠤᠨ ᠵᠠᠯᠭᠠᠮᠵᠢᠯᠠᠭᠴᠢ ᠬᠠᠰᠠᠩ ᠲᠠᠢ ᠳᠣᠲᠣᠨᠣ ᠪᠠᠷ ᠶᠠᠷᠢᠯᠴᠠᠪᠠ ᠃ | ᠰᠢ ᠶᠢᠨ ᠫᠢᠩ ᠸᠠᠩ ᠤᠨ ᠵᠠᠯᠭᠠᠮᠵᠢᠯᠠᠭᠴᠢ ᠬᠠᠰᠠᠩ ᠢᠶᠠᠷ ᠳᠠᠮᠵᠢᠭᠤᠯᠤᠨ ᠮᠦᠬᠠᠨᠮᠦ᠋ᠳ᠋ ᠵᠢᠷᠭᠤᠳᠤᠭᠠᠷ ᠲᠤ ᠳᠣᠲᠣᠨᠣ ᠮᠡᠨᠳᠦᠴᠢᠯᠡᠯ ᠪᠠ ᠰᠠᠶᠢᠨ ᠰᠠᠶᠢᠬᠠᠨ | ᠵᠥᠩᠨᠡᠯ ᠳᠡᠪᠰᠢᠭᠦᠯᠪᠡ ᠃ ᠰᠢ ᠶᠢᠨ ᠫᠢᠩ᠂ ᠳᠤᠮᠳᠠᠳᠤ ᠮᠣᠷᠣᠺᠺᠤ ᠬᠤᠶᠠᠷ ᠤᠯᠤᠰ ᠤᠨ ᠬᠠᠷᠢᠯᠴᠠᠭ᠎ᠠ ᠮᠠᠰᠢ ᠰᠠᠶᠢᠨ ᠬᠥᠭᠵᠢᠵᠦ ᠂ ᠬᠤᠶᠠᠷ ᠲᠠᠯ᠎ᠠ ᠶᠢᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠮᠵᠢ ᠣᠯᠵᠤ ᠂ ᠡᠯ᠎ᠡ ᠬᠦᠷᠢᠶᠡᠨ ᠤ ᠶᠠᠪᠤᠯᠴᠠᠭ᠎ᠠ ᠡᠳᠦᠷ ᠢᠷᠡᠬᠦᠶ᠎ᠡ ᠬᠥᠭᠵᠢᠶᠡᠨᠲᠡᠢ ᠪᠣᠯᠪᠠ ᠃ 2016 ᠣᠨ ᠳᠤ | ᠤᠯᠤᠰ ᠤᠨ ᠸᠠᠩ ᠮᠦᠬᠠᠨᠮᠦ᠋ᠳ᠋ ᠵᠢᠷᠭᠤᠳᠤᠭᠠᠷ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠪᠢ ᠲᠡᠭᠦᠨ ᠲᠠᠢ ᠦᠯᠡᠮᠵᠢ ᠦᠷ᠎ᠡ | ᠪᠦᠲᠦᠭᠡᠯ ᠲᠠᠢ ᠬᠡᠯᠡᠯᠴᠡᠭᠡ ᠬᠢᠵᠦ ᠂ ᠳᠤᠮᠳᠠᠳᠤ ᠮᠣᠷᠣᠺᠺᠤ ᠶᠢᠨ ᠬᠠᠷᠢᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ ᠃ ᠳᠤᠮᠳᠠᠳᠤ ᠤᠯᠤᠰ ᠮᠣᠷᠣᠺᠺᠤ ᠶᠢᠨ | ᠬᠢᠨ ᠤ ᠤᠯᠤᠰ ᠤᠨ ᠠᠮᠤᠷ ᠲᠣᠭᠲᠠᠭᠤᠨ ᠢᠶᠠᠨ ᠬᠠᠮᠠᠭᠠᠯᠠᠬᠤ ᠶᠢ ᠲᠡᠮᠵᠢᠵᠥ ᠂ ᠳᠤᠷᠠᠲᠠᠶ᠎ᠠ ᠮᠣᠷᠣᠺᠺᠤ ᠶᠢᠨ ᠬᠢᠨ ᠲᠠᠢ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠡᠷᠡᠰ ᠳᠡᠮᠵᠢᠯᠴᠡᠨ᠎ᠡ ᠃ ᠳᠤᠮᠳᠠᠳᠤ ᠤᠯᠤᠰ ᠳᠤᠷᠠᠲᠠᠶ᠎ᠠ ᠮᠣᠷᠣᠺᠺᠤ ᠶᠢᠨ ᠬᠢᠨ ᠲᠠᠢ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠪᠣᠯᠣᠨ ᠳᠤᠮᠳᠠᠳᠤ ᠠᠷᠠᠪ ᠤᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠷᠪᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ | ᠨᠠᠶᠢᠳᠠᠪᠤᠷᠢᠵᠢᠭᠤᠯᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠷᠣ ᠲᠥᠯᠥᠪ ᠤᠨ ᠳᠣᠲᠣᠷᠠᠬᠢ ᠡᠯ᠎ᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠃ ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠥᠷᠭᠡᠳᠬᠡᠵᠦ ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠵᠦ ᠂ ᠳᠤᠮᠳᠠᠳᠤ ᠮᠣᠷᠣᠺᠺᠤ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃ | |