ᠠᠣᠬᠠᠨ ᠬᠤᠰᠢᠭᠤ 2024 ᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠲᠦᠯᠦᠪᠵᠢᠭᠦᠯᠪᠡ
ᠨᠡᠶᠢᠲᠡᠯᠡᠭᠰᠡᠨ ᠴᠠᠭ᠄
2024/2/2
      2024 ᠣᠨ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠬᠥᠳᠡᠭᠡ︾᠎ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ 2024 ᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ  ᠵᠦᠢᠯ ᠢ ᠢᠳᠡᠪᠬᠢᠲᠡᠶ ᠲᠥᠯᠥᠪᠵᠢᠭᠦᠯᠵᠡᠶ᠃ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠬᠤᠲᠠ ᠶᠢᠨ ᠳᠡᠰ ᠤᠨ ᠭᠤᠤᠯᠳᠠᠯᠭ᠎ᠠ ᠲᠠᠢ 5ᠲᠥᠷᠥᠯ ᠵᠦᠢᠯ ᠳᠤ  ᠪᠠᠯᠠ ᠣᠷᠣᠭᠤᠯᠵᠤ᠂ ᠨᠡᠶᠢᠲᠡ 15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠭᠤᠤᠯᠳᠠᠭᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠬᠤᠳᠠᠯᠳᠤᠭᠠᠨ ᠤ ᠵᠡᠭᠡᠯᠢ᠂ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠨ ᠪᠠᠶᠢᠭᠤᠯᠬᠤ ᠵᠡᠷᠭᠡ ᠠᠭᠤᠯᠭ᠎ᠠ ᠳᠤ ᠬᠤᠯᠪᠣᠭᠳᠠᠨ᠎ᠠ︔ 1000 ᠲᠦᠮᠡᠨ ᠲᠥᠭᠦᠷᠢᠭ ︵ᠨᠡᠶᠢᠭᠡᠮ ᠤᠨ ᠦᠢᠯᠡᠰ ᠤᠨ 500 ᠲᠦᠮᠡᠨ ᠲᠥᠭᠦᠷᠢᠭ︶᠎ ᠠᠴᠠ ᠳᠡᠭᠡᠭᠰᠢᠬᠢ ᠬᠤᠰᠢᠭᠤᠨ ᠤ ᠲᠠᠰ ᠤᠨ ᠭᠤᠤᠯᠳᠠᠯᠭ᠎ᠠ ᠲᠠᠢ 9 ᠲᠥᠷᠥᠯ ᠵᠦᠢᠯ ᠳᠤ ᠪᠠᠯᠠ ᠣᠷᠣᠭᠤᠯᠵᠤ᠂ ᠲᠥᠯᠥᠪᠯᠡᠭᠡ ᠶᠢᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3.99 ᠳ᠋ᠦᠩᠰᠢᠭᠤᠷ ᠲᠥᠭᠦᠷᠢᠭ ᠪᠠᠶᠢᠵᠤ᠂ ᠭᠤᠤᠯᠳᠠᠭᠤ ᠬᠤᠲᠠ ᠶᠢᠨ ᠶᠠᠪᠤᠳᠠᠯ ᠤᠨ ᠵᠠᠮ᠂ ᠪᠣᠷᠣᠭᠠᠨ ᠤ ᠪᠣᠬᠢᠷᠲᠤᠯ ᠢ ᠰᠠᠯᠭᠠᠬᠤ᠂ ᠦᠶᠡᠷ ᠢ ᠰᠡᠷᠭᠡᠶᠢᠯᠡᠬᠦ ᠤᠰᠤ ᠵᠠᠯᠠᠬᠤ ᠰᠠᠭᠤᠷᠢ ᠲᠦᠬᠦᠭᠡᠷᠦᠮᠵᠢ ᠶᠢ ᠪᠠᠬᠢᠵᠢᠭᠦᠯᠵᠦ ᠬᠠᠮᠠᠭᠠᠯᠠᠬᠤ᠂ ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠤᠤᠭᠤᠬᠤ ᠤᠰᠤᠨ ᠤ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠵᠡᠷᠭᠡ ᠠᠭᠤᠯᠭ᠎ᠠ ᠳᠤ ᠬᠤᠯᠪᠣᠭᠳᠠᠨ᠎ᠠ᠃      ᠲᠠᠷᠠᠭᠠᠴᠢ ᠶᠢᠨ ᠠᠯᠬᠤᠮ ᠳᠤ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠥᠷᠥᠯ  ᠵᠦᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠱᠠᠭᠠᠷᠳᠠᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠂ 2024 ᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ  ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠲᠦᠮᠵᠢᠲᠡᠶ ᠠᠬᠢᠭᠤᠯᠤᠨ᠎ᠠ᠃
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ