ᠠᠤᠬᠠᠨ ᠬᠤᠰᠢᠭᠤᠨ ᠤ ᠬᠤᠶᠠᠷ ᠠᠵᠤ ᠠᠬᠤᠶᠢᠯᠠᠯ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ A ᠲᠠᠰ ᠤᠨ ᠦᠨᠡᠯᠡᠨ ᠲᠣᠭᠲᠠᠭᠠᠭᠰᠠᠨ ᠦᠨᠡᠮᠯᠡᠯ︾᠎ ᠢ ᠭᠥᠷᠳᠡᠪᠡ
ᠨᠡᠶᠢᠲᠡᠯᠡᠭᠰᠡᠨ ᠴᠠᠭ᠄
2024/2/2
    ᠣᠶᠢᠷ᠎ᠠ ᠳᠤ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠶ ᠶᠢᠨ ᠠᠵᠤ  ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠤᠯᠠᠭᠠᠨᠬᠠᠳᠠ ᠶᠢᠨ ᠪᠥᠸᠧ ᠳ᠋ᠡ ᠴᠠᠶᠢᠷ ᠤᠨ ᠢᠰᠦᠯ ᠤᠨ ᠬᠢᠵᠠᠭᠠᠷᠲᠤ ᠺᠣᠮᠫᠠᠨᠢ GB/T 23001 — 2017 ︽ᠮᠡᠳᠡᠭᠡ ᠵᠠᠩᠭᠢᠵᠢᠯᠲᠠ ᠪᠠ ᠠᠵᠤ  ᠦᠢᠯᠡᠳᠪᠦᠷᠢᠵᠢᠯᠲᠡ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠱᠠᠭᠠᠷᠳᠠᠯᠭ᠎ᠠ︾ ᠵᠢᠴᠢ GB/T23006 — 2022 ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠰᠢᠨ᠎ᠡ ᠬᠡᠯᠪᠡᠷᠢ ᠶᠢᠨ ᠴᠢᠳᠠᠪᠤᠷᠢ ᠶᠢᠨ ᠲᠠᠰ ᠬᠤᠪᠢᠶᠠᠬᠤ ᠱᠠᠭᠠᠷᠳᠠᠯᠭ᠎ᠠ︾᠎ ᠶᠢᠨ ᠪᠠᠷᠢᠮᠵᠢᠶ᠎ᠠ ᠶᠣᠰᠣᠭᠠᠷ ᠠᠵᠤ ᠦᠢᠯᠡᠳᠪᠦᠷᠢᠵᠢᠯᠲᠡ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠦᠨᠡᠯᠡᠨ ᠲᠣᠭᠲᠠᠭᠠᠯᠲᠠ ᠶᠢ ᠤᠷᠤᠭᠰᠢᠲᠠᠶ ᠥᠩᠭᠡᠷᠡᠭᠦᠯᠪᠡ᠃ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ A ᠲᠠᠰ ᠤᠨ ᠦᠨᠡᠯᠡᠨ ᠲᠣᠭᠲᠠᠭᠠᠭᠰᠠᠨ ᠦᠨᠡᠮᠯᠡᠯ︾᠎ ᠢ ᠵᠢᠩᠬᠢᠨᠢ ᠪᠠᠷ ᠣᠯᠵᠤ᠂ ᠠᠤᠬᠠᠨ ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ A ᠲᠠᠰ ᠤᠨ ᠭᠡᠷᠡᠴᠢᠯᠡᠯ ᠢ ᠣᠯᠤᠭᠰᠠᠨ ᠬᠤᠶᠠᠳᠤᠭᠠᠷ ᠪᠦᠯᠦᠭ ᠤᠨ ᠠᠵᠤ ᠠᠬᠤᠶᠢᠯᠠᠯ ᠪᠣᠯᠪᠠ᠃ 1 ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠡ᠂ ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠳᠤ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ A ᠲᠠᠰ ᠤᠨ ᠦᠨᠡᠯᠡᠨ ᠲᠣᠭᠲᠠᠭᠠᠬᠤ ᠦᠨᠡᠮᠯᠡᠯ︾᠎ ᠢ ᠣᠯᠭᠤᠬᠤ ᠶᠣᠰᠣᠯᠠᠯ ᠶᠠᠪᠤᠭᠤᠯᠪᠠ᠃    ᠤᠯᠤᠰ ᠤᠨ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ A ᠳᠡᠰ ᠤᠨ ᠦᠨᠡᠯᠡᠨ ᠲᠣᠭᠲᠠᠭᠠᠯᠲᠠ ᠪᠠ ᠦᠨᠡᠮᠯᠡᠯ ᠢ ᠤᠯᠬᠤ ᠪᠠᠷ ᠳᠡᠮᠵᠢᠨ᠂ ᠮᠡᠳᠡᠭᠡ ᠵᠠᠩᠭᠢᠵᠢᠯᠲᠠ ᠪᠣᠯᠤᠨ ᠠᠵᠤ ᠦᠢᠯᠡᠳᠪᠦᠷᠢᠵᠢᠯᠲᠡ ᠶᠢᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠪᠦᠬᠦᠯᠢ ᠴᠣᠭᠴᠠ ᠪᠠᠷ ᠢᠶᠠᠨ ᠳᠡᠭᠡᠭᠰᠢᠯᠡᠭᠰᠡᠨ ᠨᠢ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠭᠦᠨ ᠠᠭᠤᠰᠤᠯᠴᠠᠯ ᠢ ᠠᠬᠢᠭᠤᠯᠬᠤ ᠲᠠᠯ᠎ᠠ ᠪᠠᠷ ᠣᠯᠤᠭᠰᠠᠨ ᠡᠷᠬᠡ ᠰᠦᠷᠲᠦ ᠵᠥᠪᠰᠢᠶᠡᠷᠡᠯ ᠪᠣᠯᠤᠨ᠎ᠠ᠂ ᠡᠨᠡ ᠨᠢ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠵᠢᠯ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠬᠤ ᠪᠥᠭᠡᠳ ᠠᠤᠬᠠᠨ ᠬᠤᠰᠢᠭᠤᠨ ᠤ ᠮᠠᠰᠢ ᠤᠯᠠᠨ ᠤᠯᠠᠮᠵᠢᠯᠠᠯᠲᠤ ᠠᠵᠢᠯ ᠲᠦᠷᠦᠯ ᠤᠨ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠤᠨ ᠲᠡᠰ ᠳᠡᠪᠰᠢᠭᠦᠯᠬᠦ ᠳᠤ ᠢᠯᠡᠳᠲᠡ  ᠵᠢᠱᠢᠶ᠎ᠡ ᠦᠵᠡᠭᠦᠯᠵᠦ ᠲᠤᠯᠢ ᠪᠣᠯᠭᠠᠬᠤ ᠦᠢᠯᠡᠳᠦᠯ ᠦᠵᠡᠭᠦᠯᠬᠦ ᠪᠣᠯᠤᠨ᠎ᠠ᠃ ᠣᠲᠣ ᠪᠣᠯᠲᠠᠯ᠎ᠠ᠂ ᠠᠤᠬᠠᠨ ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮ ᠤᠨ ᠪᠠᠷᠢᠮᠵᠢᠶ᠎ᠠ ᠪᠠᠷ ᠦᠨᠡᠮᠯᠡᠯ ᠣᠯᠤᠭᠰᠠᠨ ᠠᠵᠤ ᠠᠬᠤᠶᠢᠯᠠᠯ ᠨᠡᠶᠢᠲᠡ 3 ᠪᠠᠶᠢᠨ᠎ᠠ᠃    ᠳᠠᠷᠠᠭ᠎ᠠ ᠶᠢᠨ ᠠᠯᠬᠤᠮ ᠳᠤ᠂ ᠠᠣᠬᠠᠨ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠤ ᠦᠢᠯᠡᠰᠵᠢᠯᠲᠡ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮ ᠤᠨ ᠪᠠᠷᠢᠮᠵᠢᠶ᠎ᠠ ᠳᠤ ᠲᠤᠭᠤᠰᠢᠯᠠᠭᠤᠯᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠪᠤᠶᠢᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠠᠵᠤ ᠦᠢᠯᠡᠳᠪᠦᠷᠢᠵᠢᠯᠲᠡ ᠬᠢᠭᠡᠳ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ  ᠲᠤᠭᠤᠰᠢᠯᠠᠭᠤᠯᠬᠤ ᠠᠵᠢᠯ ᠢ ᠢᠳᠡᠪᠬᠢᠲᠡᠶ ᠥᠷᠨᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠤᠨ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠭᠤᠰᠤᠯᠴᠠᠭᠤᠯᠤᠨ ᠬᠥᠭᠵᠢᠭᠦᠯᠬᠦ ᠶᠢ  ᠦᠢᠯᠡᠳᠬᠦ  ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠠᠵᠢᠯ ᠤᠨ ᠡᠬᠢᠨ ᠠᠴᠠ ᠳᠠᠭᠤᠰᠲᠠᠯ᠎ᠠ  ᠲᠤᠭᠤᠰᠢᠯᠠᠭᠤᠯᠵᠤ᠂ ᠥᠨᠳᠥᠷ ᠬᠢᠷᠢ ᠲᠦᠪᠰᠢᠨ ᠤ ᠠᠭᠤᠰᠤᠯᠴᠠᠯ ᠢᠶᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ