ᠠᠣᠬᠠᠨ ᠬᠤᠰᠢᠭᠤ ᠰᠣᠯᠢᠯᠴᠠᠭᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/2/2
    ᠣᠶᠢᠷ᠎ᠠ ᠶᠢᠨ ᠵᠢᠯ ᠤᠳ ᠲᠤ᠂  ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠠᠴᠠ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠦᠪᠡᠭᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ  ᠦᠢᠯᠡᠴᠢᠯᠡᠭᠡ ᠶᠢ ᠵᠢᠷᠤᠮᠵᠢᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠤᠶᠤᠨᠴᠢᠯᠠᠭᠰᠠᠨ᠂ ᠵᠢᠷᠤᠮᠵᠢᠭᠤᠯᠤᠭᠰᠠᠨ᠂ ᠳᠥᠭᠦᠮᠴᠢᠯᠡᠭᠰᠡᠨ  ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃    ᠨᠢᠭᠡ ᠳᠤ ᠂ ᠰᠣᠯᠢᠯᠴᠠᠭᠠᠨ ᠤ ᠮᠡᠳᠡᠭᠡ ᠵᠠᠩᠭᠢ ᠶᠢ ᠢᠯᠡ ᠪᠣᠯᠭᠠᠬᠤ ᠬᠦᠴᠦᠨ ᠵᠦᠢᠯ ᠂ ᠨᠡᠶᠢᠲᠡᠯᠡᠬᠦ ᠴᠠᠭ ᠤᠨ ᠬᠢᠵᠠᠭᠠᠷ ᠢ ᠴᠢᠩᠭ᠎ᠠ ᠵᠢᠷᠤᠮᠵᠢᠭᠤᠯᠵᠤ᠂ ᠲᠣᠭᠲᠠᠭᠠᠯ ᠶᠣᠰᠣᠭᠠᠷ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ᠂ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢ  ᠰᠣᠯᠢᠯᠴᠠᠬᠤ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠰᠠᠶᠢᠲᠤᠷ ᠬᠢᠨ᠎ᠡ᠃ ᠲᠥᠷᠥᠯ  ᠵᠦᠢᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠵᠠᠯᠠᠷᠠᠭᠤᠯᠬᠤ ᠠᠯᠪᠠᠨ ᠵᠠᠷ᠂ ᠳᠠᠭᠠᠭᠠᠴᠢᠯᠠᠯᠲᠠ ᠤᠯᠬᠤ ᠠᠯᠪᠠᠨ ᠵᠠᠷ ᠵᠡᠷᠭᠡ ᠮᠡᠳᠡᠭᠡ ᠵᠠᠩᠭᠢ ᠶᠢ ᠴᠥᠮ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ  ᠰᠣᠯᠢᠯᠴᠠᠭᠠᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠪᠠ ᠤᠯᠠᠭᠠᠨᠬᠠᠳᠠ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ  ᠰᠣᠯᠢᠯᠴᠠᠭᠠᠨ ᠤ ᠡᠯᠧᠺᠲᠷᠣᠨ  ᠦᠢᠯᠡᠴᠢᠯᠡᠭᠡᠨ ᠤ ᠰᠢᠰᠲ᠋ᠧᠮ ᠵᠡᠷᠭᠡ ᠰᠦᠯᠵᠢᠶᠡᠨ ᠥᠷᠲᠡᠭᠡ ᠳᠤ ᠨᠡᠶᠢᠲᠡᠯᠡᠨ᠎ᠡ᠃    ᠬᠤᠶᠠᠷ ᠲᠤ ᠂ ᠪᠣᠶ ᠪᠥᠬᠦᠶ ᠲᠠᠯᠠᠪᠤᠷ ᠲᠤ ᠣᠷᠣᠵᠤ ᠰᠣᠯᠢᠯᠴᠠᠭᠠᠨ ᠤ ᠲᠥᠷᠥᠯ ᠵᠦᠢᠯ ᠳᠤ ᠪᠥᠬᠦ ᠶᠠᠪᠤᠴᠠ ᠶᠢᠨ ᠲᠠᠯᠠᠪᠤᠷ ᠲᠠᠬᠢ ᠰᠣᠯᠢᠯᠴᠠᠭᠠᠨ ᠤ ᠭᠡᠷᠡᠴᠢᠯᠡᠯ ᠬᠢᠵᠦ᠂ ᠳᠠᠭᠠᠭᠠᠴᠢᠯᠠᠯᠲᠠ ᠦᠨᠡᠯᠡᠬᠦ ᠲᠣᠭᠤᠷᠢᠭ ᠤᠨ ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢᠨ ᠲᠦᠷᠢᠮ ᠢ ᠴᠢᠩᠳᠠᠯᠠᠵᠤ᠂ ᠲᠤᠰᠬᠠᠶ ᠬᠥᠮᠦᠨ ᠢᠶᠠᠷ ᠬᠠᠮᠢᠶᠠᠷᠤᠭᠤᠯᠵᠤ ᠳᠠᠭᠠᠭᠠᠴᠢᠯᠠᠯᠲᠠ ᠦᠨᠡᠯᠡᠬᠦ ᠲᠣᠭᠤᠷᠢᠭ ᠤᠨ ᠬᠤᠷᠠᠯ ᠳᠤ ᠣᠷᠣᠯᠴᠠᠭᠰᠠᠳ ᠤᠨ ᠪᠠᠶᠢᠳᠠᠯ ᠤᠨ ᠳᠡᠩᠰᠡᠯᠡᠯᠲᠡ ᠶᠢ ᠰᠠᠶᠢᠲᠤᠷ ᠬᠢᠵᠦ᠂ ᠲᠤᠰᠬᠠᠶ ᠬᠥᠮᠦᠨ ᠢᠶᠠᠷ ᠲᠠᠯᠠᠪᠤᠷ ᠲᠤ ᠣᠷᠣᠵᠤ ᠰᠣᠯᠢᠯᠴᠠᠬᠤ ᠡᠯ᠎ᠡ ᠲᠥᠷᠥᠯ ᠤᠨ ᠲᠥᠷᠥᠯ  ᠵᠦᠢᠯ ᠳᠤ ᠮᠥᠷᠳᠡᠨ  ᠦᠢᠯᠡᠴᠢᠯᠡᠬᠦ ᠶᠢ ᠬᠠᠷᠢᠭᠤᠴᠠᠭᠤᠯᠤᠨ᠎ᠠ᠃    ᠭᠤᠷᠪᠠ ᠳᠤ᠂ ᠡᠯ᠎ᠡ  ᠵᠦᠢᠯ ᠤᠨ ᠲᠦᠷᠢᠮ ᠲᠣᠭᠲᠠᠭᠠᠯ ᠢ ᠪᠦᠷᠢᠨᠰᠢᠬᠦᠯᠵᠦ᠂ ︽ᠠᠤᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ ᠵᠢᠷᠤᠮᠵᠢᠭᠰᠠᠨ ᠦᠢᠯᠡᠴᠢᠯᠡᠭᠡᠨ ᠤ ᠪᠠᠷᠢᠮᠵᠢᠶ᠎ᠠ ᠶᠢᠨ ᠴᠤᠪᠤᠷᠠᠯ︾᠎ ᠢ ᠲᠣᠭᠲᠠᠭᠠᠵᠤ᠂ ᠲᠦᠷᠢᠮ ᠢᠶᠠᠷ ᠬᠥᠮᠦᠨ ᠪᠠ ᠬᠡᠷᠡᠭ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠨ᠂ ᠦᠢᠯᠡᠴᠢᠯᠡᠭᠡᠨ ᠤ ᠤᠬᠠᠮᠰᠠᠷ᠂ ᠠᠷᠠᠳ ᠲᠤ ᠲᠥᠬᠦᠮ ᠦᠵᠡᠭᠦᠯᠬᠦ ᠤᠬᠠᠮᠰᠠᠷ ᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ  ᠳᠡᠭᠡᠭᠰᠢᠯᠡᠭᠦᠯᠦᠨ᠎ᠡ᠃    ᠳᠥᠷᠪᠡ ᠳᠤ ᠂ ᠲᠤᠰᠬᠠᠶᠢᠵᠢᠭᠰᠠᠨ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠳᠠᠭᠰᠢ ᠭᠠᠷᠴᠤ ᠰᠤᠷᠤᠯᠴᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠤᠰᠬᠠᠶ ᠲᠠᠶᠢᠯᠤᠮᠵᠢ ᠬᠢᠬᠦ ᠪᠠ ᠬᠤᠪᠢ ᠬᠥᠮᠦᠨ ᠤ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ᠂ ︽ᠰᠦᠯᠵᠢᠶᠡᠨ  ᠭᠠᠳᠠᠨᠠᠬᠢ︾ ᠰᠤᠷᠤᠯᠴᠠᠬᠤ ᠪᠠ ︽ᠰᠦᠯᠵᠢᠶᠡᠨ ᠳᠡᠭᠡᠷ᠎ᠡ︾ ᠰᠤᠷᠤᠯᠴᠠᠬᠤ ᠶᠢ ᠤᠶᠠᠯᠳᠤᠭᠤᠯᠬᠤ᠂ ᠣᠨᠣᠯ ᠰᠤᠷᠤᠯᠴᠠᠬᠤ ᠪᠠ ᠬᠡᠷᠡᠭ ᠤᠨ ᠵᠢᠱᠢᠶ᠎ᠡ ᠶᠢ ᠰᠤᠷᠤᠯᠴᠠᠬᠤ ᠶᠢ ᠤᠶᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠷᠠᠯᠵᠢᠶᠠᠯᠠᠭᠴᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ  ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ  ᠳᠡᠭᠡᠭᠰᠢᠯᠡᠭᠦᠯᠦᠨ᠎ᠡ᠃
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ