2024 ᠣᠨ ᠤ ᠨᠢᠩᠴᠧᠩ ᠰᠢᠶᠠᠨ ᠤ ᠽᠢ ᠮᠧᠩ ᠬᠡᠦ ᠨᠠᠭᠤᠷ ᠤᠨ ᠡᠪᠦᠯ ᠤᠨ ᠠᠩᠨᠠᠯ ᠤᠨ ᠵᠤᠭᠠᠴᠠᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/2/2
      ᠣᠶᠢᠷ᠎ᠠ ᠳᠤ᠂ 2024 ᠨᠢᠩᠴᠧᠩ ᠰᠢᠶᠠᠨ ᠤ ᠽᠢ ᠮᠧᠩ ᠬᠡᠦ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠨᠠᠶᠢᠷ ᠽᠢ ᠮᠧᠩ ᠬᠡᠦ ᠨᠠᠭᠤᠷ ᠤᠨ ᠦᠵᠡᠮᠵᠢ ᠶᠢᠨ ᠣᠷᠣᠨ ᠳᠤ ᠡᠬᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠨᠠᠭᠤᠷ ᠳᠠᠬᠢᠬᠤ᠂ ᠨᠡᠷᠡᠨ ᠳᠤ ᠮᠥᠷᠭᠦᠵᠦ ᠭᠠᠯ ᠨᠣᠴᠣᠭᠠᠬᠤ᠂ ᠲᠠᠬᠢᠯᠭ᠎ᠠ ᠳᠠᠬᠢᠬᠤ᠂  ᠲᠡᠷᠢᠭᠦᠨ ᠵᠢᠭᠠᠰᠤ ᠶᠢ ᠦᠨ᠎ᠡ ᠬᠠᠶᠠᠨ ᠬᠤᠳᠠᠯᠳᠤᠬᠤ᠂ ᠤᠷᠠᠨ ᠰᠠᠶᠢᠬᠠᠨ ᠤ ᠲᠣᠭᠯᠠᠯᠲᠠ ᠨᠢ ᠥᠷᠭᠡᠨ ᠣᠯᠠᠨ ᠵᠤᠭᠠᠴᠠᠭᠰᠠᠳ ᠲᠤ ᠴᠣ᠋ ᠰᠢᠨ᠎ᠡ ᠣᠶᠢᠯᠠᠭᠠᠯᠲᠠ ᠣᠯᠭᠤᠪᠠ᠃ ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠤᠭᠠᠴᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠵᠦ᠂ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠤᠭᠠᠴᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠳ᠋ᠣᠣ ᠰᠢᠦᠢ ᠭᠧᠦ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠳ᠋ᠣᠣ ᠰᠢᠦᠢ ᠭᠧᠦ᠂ ᠽᠢ ᠮᠧᠩ ᠬᠡᠦ ᠨᠠᠭᠤᠷ ᠵᠡᠷᠭᠡ ᠭᠤᠣᠯ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠭᠤᠯᠴᠢᠯᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠲᠣᠮᠣ ᠬᠡᠯᠪᠡᠷᠢ ᠶᠢᠨ ᠤᠰᠤᠨ ᠳᠡᠭᠡᠷᠡᠬᠢ ᠤᠷᠤᠯᠳᠤᠭᠠᠨ ᠢ ᠢᠳᠡᠪᠬᠢᠲᠡᠢ ᠪᠠᠷ ᠳᠠᠭᠠᠭᠠᠨ ᠡᠷᠭᠢᠯᠡᠵᠦ᠂ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠣᠯᠠᠨᠲᠠᠢ᠂ ᠳᠥᠷᠪᠡᠨ ᠤᠯᠠᠷᠢᠯ ᠳᠤ ᠨᠡᠪᠲᠡᠷᠡᠭᠰᠡᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠂ ᠪᠥᠬᠦ ᠣᠷᠣᠨ ᠪᠦᠰᠡ ᠪᠠᠷ ᠢᠶᠠᠨ ᠴᠥᠮ ᠦᠵᠡᠮᠵᠢ ᠲᠠᠢ᠂ ᠳᠥᠷᠪᠡᠨ ᠤᠯᠠᠷᠢᠯ ᠳᠤ ᠴᠥᠮ ᠵᠤᠭᠠᠴᠠᠵᠤ ᠪᠣᠯᠬᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠯᠢᠶᠣᠤᠨᠢᠩ᠂ ᠾᠧᠪᠸᠢ ᠪᠣᠯᠣᠨ  ᠬᠤᠳᠠ᠂ ᠰᠢᠶᠠᠨ ᠤ ᠲᠦᠮᠡ ᠰᠢᠬᠠᠮ ᠵᠤᠭᠠᠴᠠᠭᠰᠠᠳ ᠤᠷᠤᠯᠴᠠᠪᠠ᠃ ᠲᠣᠰ ᠤᠳᠠᠭᠠᠨ ᠤ ᠡᠪᠦᠯ ᠤᠨ ᠵᠢᠭᠤᠯᠴᠢᠯᠠᠯ ᠤᠨ ᠪᠠᠶᠠᠷ 2 ᠰᠠᠷ᠎ᠠ ᠶᠢᠨ 24 ᠤ ᠡᠳᠦᠷ ᠪᠣᠯᠲᠠᠯ᠎ᠠ ᠦᠷᠭᠦᠯᠵᠢᠯᠡᠨ᠎ᠡ᠃
ᠢᠷᠡᠯᠲᠡ᠄ ᠨᠢᠩᠴᠧᠩ ᠰᠢᠶᠠᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ