ᠠᠣᠬᠠᠨ ᠬᠤᠰᠢᠭᠤ 2023 ᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 13 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/2/2
      2023 ᠣᠨ ᠳᠤ᠂ ᠠᠣᠬᠠᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠥᠬᠦᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠪᠠᠷ ᠠᠵᠢᠯ ᠶᠠᠪᠤᠳᠠᠯ ᠬᠢᠬᠦ᠂ ᠴᠢᠨᠠᠷ ᠰᠠᠶᠢᠲᠠᠶ ᠦᠢᠯᠡᠴᠢᠯᠡᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠂ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠷᠠᠯᠵᠢᠶᠠᠯᠠᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠪᠡ᠃      2023 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠳᠤ ᠨᠡᠶᠢᠲᠡ 174 ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠪᠡᠶᠡᠯᠡᠭᠦᠯᠵᠦ᠂ 135337.89 ᠲᠦᠮᠡᠨ ᠲᠥᠭᠦᠷᠢᠭ ᠤᠨ ᠬᠤᠳᠠᠯᠳᠤᠨ ᠠᠪᠬᠤ ᠲᠥᠰᠦᠪ ᠢ ᠪᠡᠶᠡᠯᠡᠭᠦᠯᠵᠦ᠂ ᠪᠣᠳᠠᠲᠠᠶ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 131241.88 ᠲᠦᠮᠡᠨ ᠲᠥᠭᠦᠷᠢᠭ ᠲᠤ ᠬᠦᠷᠴᠦ᠂ 4096.01 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 3.0% ᠳᠤ ᠬᠦᠷᠪᠡ᠃ ᠡᠭᠦᠨ ᠳᠤ᠄ ᠢᠨᠵᠧᠨᠧᠷᠢᠩ ᠤᠨ ᠲᠥᠷᠥᠯ ᠤᠨ ᠬᠤᠳᠠᠯᠳᠤᠨ ᠠᠪᠬᠤ ᠲᠥᠰᠦᠪ ᠢ 123340.90 ᠲᠦᠮᠡᠨ ᠲᠥᠭᠦᠷᠢᠭ ᠪᠡᠶᠡᠯᠡᠭᠦᠯᠵᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 119447.63 ᠲᠦᠮᠡᠨ ᠲᠥᠭᠦᠷᠢᠭ ᠪᠠᠶᠢᠵᠤ᠂ 3893.27 ᠲᠦᠮᠡᠨ ᠲᠥᠭᠦᠷᠢᠭ ᠤᠨ ᠪᠠᠯᠠ ᠮᠥᠩᠭᠦ ᠶᠢ ᠠᠷᠪᠢᠯᠠᠵᠤ᠂ ᠪᠠᠯᠠ ᠮᠥᠩᠭᠦ ᠶᠢ ᠠᠷᠪᠢᠯᠠᠭᠰᠠᠨ ᠨᠣᠷᠮ᠎ᠠ 3.2%︔ ᠪᠠᠷᠠᠭ᠎ᠠ ᠶᠢᠨ ᠲᠥᠷᠥᠯ ᠤᠨ ᠬᠤᠳᠠᠯᠳᠤᠨ ᠠᠪᠬᠤ ᠲᠥᠰᠦᠪ ᠢ 9057.83 ᠲᠦᠮᠡᠨ ᠲᠥᠭᠦᠷᠢᠭ ᠪᠡᠶᠡᠯᠡᠭᠦᠯᠵᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 8920.27 ᠲᠦᠮᠡᠨ ᠲᠥᠭᠦᠷᠢᠭ ᠪᠠᠶᠢᠵᠤ᠂ ᠪᠣᠳᠠᠲᠠᠶ ᠬᠤᠳᠠᠯᠳᠤᠨ ᠠᠪᠤᠭᠰᠠᠨ ᠪᠡᠯᠡ ᠮᠥᠩᠭᠦ 137.56 ᠲᠦᠮᠡᠨ ᠲᠥᠭᠦᠷᠢᠭ᠂ ᠪᠡᠯᠡ ᠮᠥᠩᠭᠦ ᠶᠢ ᠠᠷᠪᠢᠯᠠᠭᠰᠠᠨ ᠨᠣᠷᠮ᠎ᠠ 1.5%︔ ᠦᠢᠯᠡᠴᠢᠯᠡᠭᠡᠨ ᠤ ᠲᠥᠷᠥᠯ ᠤᠨ ᠬᠤᠳᠠᠯᠳᠤᠨ ᠠᠪᠤᠭᠰᠠᠨ ᠲᠥᠰᠦᠪ 2939.16 ᠲᠦᠮᠡᠨ ᠲᠥᠭᠦᠷᠢᠭ ᠢ ᠪᠡᠶᠡᠯᠡᠭᠦᠯᠵᠦ᠂ ᠪᠣᠳᠠᠲᠠᠶ ᠬᠤᠳᠠᠯᠳᠤᠨ ᠠᠪᠤᠭᠰᠠᠨ ᠵᠣᠭᠤᠰ ᠤᠨ ᠲᠤᠭ᠎ᠠ 2873.98 ᠲᠦᠮᠡᠨ ᠲᠥᠭᠦᠷᠢᠭ ᠲᠤ ᠬᠦᠷᠴᠦ᠂ 65.18 ᠲᠦᠮᠡᠨ ᠲᠥᠭᠦᠷᠢᠭ ᠤᠨ ᠪᠡᠯᠡ ᠮᠥᠩᠭᠦ ᠶᠢ ᠠᠷᠪᠢᠯᠠᠵᠤ᠂ ᠪᠡᠯᠡ ᠮᠥᠩᠭᠦ ᠶᠢ ᠠᠷᠪᠢᠯᠠᠭᠰᠠᠨ ᠨᠣᠷᠮ᠎ᠠ 2.2% ᠲᠤ ᠬᠦᠷᠪᠡ᠃ ᠬᠤᠲᠠ ᠶᠢᠨ ᠳᠡᠰ ᠤᠨ ᠲᠠᠪᠴᠠᠩ ᠳᠤ ᠤᠯᠤᠰ ᠤᠨ ᠭᠠᠵᠠᠷ ᠰᠢᠷᠤᠢ ᠶᠢ ᠰᠢᠯᠵᠢᠭᠦᠯᠦᠨ ᠬᠤᠳᠠᠯᠳᠤᠬᠤ ᠲᠦᠷᠦᠯ ᠤᠨ ᠲᠦᠷᠦᠯ ᠵᠦᠢᠯ ᠢ 25 ᠪᠡᠶᠡᠯᠡᠭᠦᠯᠵᠦ᠂ ᠦᠨ᠎ᠡ ᠬᠠᠶᠠᠯᠴᠠᠭᠰᠠᠨ ᠶᠡᠷᠦᠩᠬᠡᠶ ᠦᠨ᠎ᠡ ᠨᠢ 19430.16 ᠲᠦᠮᠡᠨ ᠲᠥᠭᠦᠷᠢᠭ᠂ ᠠᠷᠠᠯᠵᠢᠶ᠎ᠠ ᠪᠦᠲᠦᠭᠰᠡᠨ ᠶᠡᠷᠦᠩᠬᠡᠶ ᠦᠨ᠎ᠡ ᠨᠢ 22550.16 ᠲᠦᠮᠡᠨ ᠲᠥᠭᠦᠷᠢᠭ ᠪᠠᠶᠢᠵᠤ᠂ ᠥᠷᠲᠡᠭ ᠤᠨ ᠨᠡᠮᠡᠭᠳᠡᠯ ᠨᠢ 3120 ᠲᠦᠮᠡᠨ ᠲᠥᠭᠦᠷᠢᠭ ᠪᠣᠯᠤᠨ᠎ᠠ᠃
ᠢᠷᠡᠯᠲᠡ᠄ ᠠᠤᠬᠠᠨ ᠬᠤᠰᠢᠭᠤ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ