ᠸᠠᠨ ᠴᠤᠤ ᠴᠢ ᠢ ᠳ᠋ᠢᠶᠠᠨ ᠴᠠᠬᠢᠯᠭᠠᠨ ᠬᠦᠴᠦᠨ ᠤ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧᠦ ᠪᠢᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/2/22
     2 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠢ ᠳ᠋ᠢᠶᠠᠨ ᠴᠠᠬᠢᠯᠭᠠᠨ ᠬᠦᠴᠦᠨ ᠤ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧᠦ ᠪᠢᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ᠂ ᠬᠤᠲᠠ ᠶᠢᠨ ᠳᠡᠳ᠋ ᠳᠠᠷᠤᠭ᠎ᠠ ᠵᠣᠣ ᡁᠢ ᠭᠠᠩ᠂ ᠢ ᠳ᠋ᠢᠶᠠᠨ ᠴᠠᠬᠢᠯᠭᠠᠨ ᠬᠦᠴᠦᠨ ᠤ ᠪᠦᠯᠦᠭᠯᠡᠯ ᠤᠨ ᠶᠡᠷᠦᠩᠬᠡᠢ ᠳᠠᠭᠠᠭᠠᠮᠠᠯ ᠸᠠᠩ ᡁᠢ ᠴᠢᠶᠠᠨ᠂ ᠳᠡᠳ᠋ ᠶᠡᠷᠦᠩᠬᠡᠢ ᠳᠠᠭᠠᠭᠠᠮᠠᠯ ᠯᠢ ᠶᠢᠩ ᠽᠢ ᠠᠭᠤᠯᠵᠠᠯᠲᠠ ᠳᠤ ᠣᠷᠣᠯᠴᠠᠪᠠ᠃    ᠸᠠᠨ ᠴᠤᠤ ᠴᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠾᠧᠦ ᠪᠢᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠢ ᠳ᠋ᠢᠶᠠᠨ ᠴᠠᠬᠢᠯᠭᠠᠨ ᠬᠦᠴᠦᠨ ᠤ ᠪᠦᠯᠦᠭᠯᠡᠯ ᠪᠣᠯᠣᠨ ᠬᠤᠳᠠ ᠶᠢᠨ ᠵᠠᠰᠠᠭ ᠤᠨ ᠣᠷᠳᠣᠨ ᠤ ᠭᠡᠷ᠎ᠡ ᠲᠣᠭᠲᠠᠭᠰᠠᠨ ᠭᠤᠣᠯᠳᠠᠯᠭ᠎ᠠ ᠲᠠᠢ ᠲᠦᠷᠦᠯ ᠵᠦᠢᠯ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠤ᠂ ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠰᠢᠵᠦ᠂ ᠲᠦᠷᠦᠯ ᠵᠦᠢᠯ ᠢᠶᠠᠷ ᠭᠤᠣᠯ ᠪᠣᠯᠭᠠᠬᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠡᠷᠢᠭᠦᠨ ᠤ ᠡᠵᠡᠩᠨᠡᠯᠲᠡ ᠠᠷᠠᠯᠵᠢᠶ᠎ᠠ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ᠨᠢᠭᠡ ᠪᠦᠯᠦᠭ ᠰᠢᠯᠢᠳᠡᠭ ᠠᠵᠤ ᠠᠬᠤᠶᠢᠯᠠᠯ ᠤᠨ ᠤᠯᠠᠭᠠᠨᠬᠠᠳᠠ ᠳᠤ ᠢᠷᠡᠵᠦ ᠪᠡᠯᠡ ᠣᠷᠣᠭᠤᠯᠤᠨ ᠬᠥᠭᠵᠢᠭᠦᠯᠬᠦ ᠶᠢ ᠲᠠᠲᠠᠵᠤ᠂ ᠣᠨᠴᠠᠭᠠᠶᠢᠯᠠᠨ ᠢ ᠳ᠋ᠢᠶᠠᠨ ᠴᠠᠬᠢᠯᠭᠠᠨ ᠬᠦᠴᠦᠨ ᠤ ᠪᠦᠯᠦᠭᠯᠡᠯ ᠢ ᠣᠷᠣᠭᠤᠯᠤᠨ ᠠᠪᠴᠢᠷᠠᠵᠤ᠂ ᠤᠯᠠᠭᠠᠨᠬᠠᠳᠠ ᠶᠢᠨ ᠡᠨᠧᠷᠭᠢ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠩᠭᠡᠲᠦ ᠲᠡᠮᠦᠷᠯᠢᠭ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠲᠦᠷᠭᠡᠨ ᠪᠡᠶᠡᠯᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃ ᠤᠯᠠᠭᠠᠨᠬᠠᠳᠠ ᠬᠤᠳᠠ ᠣᠳᠣ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠲᠠᠯ᠎ᠠ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠬᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠪᠠᠶᠢᠨ᠎ᠠ᠃ ᠢ ᠳ᠋ᠢᠶᠠᠨ ᠴᠠᠬᠢᠯᠭᠠᠨ ᠬᠦᠴᠦᠨ ᠤ ᠪᠦᠯᠦᠭᠯᠡᠯ  ᠨᠢ ᠠᠵᠢᠯ ᠲᠦᠷᠦᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢᠶᠠᠨ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠭᠠᠨᠬᠠᠳᠠ ᠬᠤᠳᠠ ᠯᠤᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ  ᠶᠢ ᠬᠠᠮᠲᠤᠪᠠᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠾᠧᠦ ᠪᠢᠨ ᠥᠩᠭᠡᠷᠡᠭᠰᠡᠨ ᠨᠢᠭᠡ ᠵᠢᠯ ᠤᠨ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠳᠤ ᠪᠠᠶᠠᠷ ᠬᠦᠷᠭᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠵᠢᠴᠢ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ ᠢ ᠲᠠᠨᠢᠯᠴᠠᠭᠤᠯᠪᠠ᠃ ᠲᠡᠷᠡ᠂ ᠭᠡᠷ᠎ᠡ ᠲᠣᠭᠲᠠᠭᠰᠠᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠦᠨᠡᠨ ᠰᠡᠳᠬᠢᠯ ᠠᠴᠠ ᠪᠠᠨ ᠨᠢᠭᠲᠠ ᠬᠠᠮᠵᠢᠯᠴᠠᠨ ᠬᠠᠮᠲᠤᠷᠠᠨ ᠠᠵᠢᠯᠯᠠᠭᠰᠠᠨ ᠢᠶᠠᠷ ᠲᠥᠷᠥᠯ ᠵᠦᠢᠯ ᠤᠷᠤᠭᠰᠢᠲᠠᠢ ᠠᠬᠢᠵᠤ᠂ ᠴᠢᠬᠤᠯᠠ ᠶᠡᠭᠡ ᠠᠬᠢᠯᠲᠠ ᠲᠠᠢ ᠪᠣᠯᠵᠠᠢ᠃ ᠬᠠᠮᠲᠤᠷᠠᠯᠴᠠᠭᠠᠨ ᠤ ᠶᠠᠪᠤᠴᠠ ᠳᠤ᠂ ᠤᠯᠠᠭᠠᠨᠬᠠᠳᠠ ᠬᠤᠳᠠ ᠶᠢᠨ ᠬᠥᠭᠵᠢᠯᠲᠡ ᠶᠢᠨ ᠰᠡᠳᠬᠢᠴᠡ ᠲᠣᠳᠣᠷᠬᠠᠢ᠂ ᠴᠢᠭᠯᠡᠯ ᠲᠣᠳᠣᠷᠬᠠᠢ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠥᠨᠳᠥᠷ᠂ ᠣᠨᠴᠠᠭᠠᠶᠢᠯᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠵᠡᠩᠨᠡᠯᠲᠡ ᠠᠷᠠᠯᠵᠢᠶ᠎ᠠ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠯᠵᠢᠶ᠎ᠠ ᠶᠢ ᠬᠦᠨᠳᠦᠳᠬᠡᠵᠦ ᠠᠷᠠᠯᠵᠢᠶ᠎ᠠ ᠶᠢ ᠳᠣᠲᠣᠨᠣᠴᠢᠯᠠᠵᠤ ᠠᠷᠠᠯᠵᠢᠶ᠎ᠠ ᠶᠢ ᠬᠠᠯᠠᠮᠵᠢᠯᠠᠬᠤ ᠠᠭᠤᠷ ᠠᠮᠢᠰᠬᠤᠯ ᠭᠦᠨ ᠵᠤᠵᠠᠭᠠᠨ  ᠪᠠᠶᠢᠵᠤ᠂ ᠤᠯᠠᠭᠠᠨᠬᠠᠳᠠ  ᠳᠤ ᠢᠷᠡᠭᠰᠡᠨ ᠠᠵᠤ ᠠᠬᠤᠶᠢᠯᠠᠯ ᠤᠨ ᠠᠩᠬᠠᠷᠤᠯ ᠢ ᠶᠡᠬᠡᠳᠡ ᠲᠠᠲᠠᠵᠤ ᠂  ᠰᠡᠳᠬᠢᠯ ᠳᠣᠭᠳᠣᠯᠤᠭᠤᠯᠪᠠ᠃ ᠢ ᠳ᠋ᠢᠶᠠᠨ ᠴᠠᠬᠢᠯᠭᠠᠨ ᠬᠦᠴᠦᠨ ᠤ ᠪᠦᠯᠦᠭᠯᠡᠯ ᠨᠢ ᠤᠯᠠᠭᠠᠨᠬᠠᠳᠠ ᠬᠤᠳᠠ ᠶᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠨ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠭᠦᠨ ᠢ ᠣᠷᠣᠨ ᠪᠦᠰᠡ ᠶᠢᠨ ᠳᠣᠲᠣᠷᠠᠬᠢ ᠵᠢᠱᠢᠶ᠎ᠡ ᠦᠵᠡᠭᠦᠯᠬᠦ ᠲᠦᠷᠦᠯ ᠵᠦᠢᠯ᠂ ᠠᠵᠢᠯ ᠲᠦᠷᠦᠯ ᠤᠨ ᠳᠣᠲᠣᠷᠠᠬᠢ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠤᠯᠠᠭᠠᠨᠬᠠᠳᠠ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃    ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ  ᠨᠥᠬᠦᠳ ᠠᠭᠤᠯᠵᠠᠯᠲᠠ ᠳᠤ ᠣᠷᠣᠯᠴᠠᠪᠠ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ