ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ  ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ  ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
        2 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠸ ᠴᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠬᠤᠷᠠᠯ ᠡᠷᠭᠢᠯᠡᠭᠰᠡᠨ ᠪᠥᠭᠡᠳ 2024 ᠣᠨ ᠤ ᠪᠥᠬᠦ ᠣᠷᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠢ ᠯᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠶᠣᠯᠴᠡᠴᠡᠭ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ 2023 ᠣᠨ ᠤ ᠪᠥᠬᠦ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠳᠠ ᠶᠢᠨ ᠳᠠᠷᠤᠭ᠎ᠠ ᠵᠠᠩ ᠵᠢᠢ ᠺᠠᠩ 2023 ᠣᠨ ᠤ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠬᠢᠨᠠᠨ ᠰᠢᠯᠭᠠᠭᠰᠠᠨ ᠦᠷ᠎ᠡ ᠳ᠋ᠦᠩ ᠢ ᠮᠡᠳᠡᠭᠳᠡᠵᠦ᠂ ᠬᠡᠰᠢᠭᠲᠡᠨ ᠬᠤᠰᠢᠭᠤ᠂ ᠠᠤᠬᠠᠨ ᠬᠤᠰᠢᠭᠤ ᠂ ᠶᠤᠸᠠᠨ ᠪᠦᠦ ᠱᠠᠨ ᠲᠣᠭᠤᠷᠢᠭ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠣᠷ ᠤᠨ ᠤᠯᠠᠭᠠᠨᠬᠠᠳᠠ ᠶᠢᠨ ᠴᠠᠬᠢᠯᠭᠠᠨ ᠬᠠᠩᠭᠠᠬᠤ ᠺᠣᠮᠫᠠᠨᠢ᠂ ᠥᠪᠥᠷ ᠮᠣᠩᠭᠤᠯ ᠤᠨ ᠮᠢᠩ ᠶᠤᠸᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠰᠣᠯᠢᠯᠴᠠᠭᠠᠨ ᠤ ᠶᠠᠷᠢᠶ᠎ᠠ ᠲᠠᠯᠪᠢᠵᠠᠢ᠃    ᠸᠠᠨ ᠴᠤᠤ ᠴᠢ᠂ ᠪᠦᠬᠦ ᠬᠤᠳᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠨᠢᠭᠡᠳᠬᠡᠵᠦ᠂ ᠳᠠᠷᠤᠶᠢᠬᠠᠨ ᠬᠥᠳᠡᠯᠦᠯᠴᠡᠵᠦ᠂ ᠠᠷᠠᠯᠵᠢᠶᠠᠴᠢᠨ ᠤᠷᠢᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠥᠭᠵᠢᠯᠲᠡ ᠶᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠢ ᠪᠣᠶᠢᠵᠢᠭᠤᠯᠬᠤ᠂ ᠳᠦᠷᠢᠮ ᠲᠣᠭᠲᠠᠭᠠᠯ ᠲᠣᠭᠲᠠᠭᠠᠬᠤ᠂  ᠬᠠᠮᠢᠶᠠᠷᠤᠯᠲᠠ ᠶᠢ ᠴᠢᠩᠭᠠᠳᠬᠠᠬᠤ᠂ ᠱᠠᠩᠨᠠᠵᠤ ᠲᠣᠷᠭᠠᠬᠤ ᠶᠢ ᠲᠣᠳᠣᠷᠬᠠᠶᠢᠯᠠᠬᠤ᠂ ᠬᠤᠷᠢᠭ᠎ᠠ ᠱᠤᠭᠤᠮ ᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠲᠠᠯ᠎ᠠ ᠪᠠᠷ ᠪᠦᠬᠦᠨ ᠢ ᠬᠠᠮᠤᠷᠤᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ  ᠶᠢᠨ ᠰᠢᠪᠲᠤᠯᠤᠯᠲᠠ ᠪᠠᠷ ᠪᠦᠬᠦ ᠬᠤᠳᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠴᠢᠨᠠᠭᠰᠢᠯᠠᠪᠠᠯ ᠪᠦᠬᠦ᠋ᠢᠯᠡ ᠨᠡᠶᠢᠭᠡᠮ ᠤᠨ ᠣᠷᠴᠢᠨ ᠲᠣᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠬᠤ ᠶᠢ ᠳᠠᠶᠢᠴᠢᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠢᠳᠤᠨᠤᠨ ᠤ ᠠᠵᠢᠯ ᠤᠨ ᠲᠤᠷᠰᠢᠯᠭ᠎ᠠ ᠪᠠᠨ ᠰᠠᠶᠢᠲᠤᠷ ᠳ᠋ᠦᠩᠨᠡᠨ ᠬᠡᠷᠡᠭᠯᠡᠵᠦ᠂ ᠣᠳᠣᠬᠠᠨ ᠤ ᠬᠥᠭᠵᠢᠯᠲᠡ ᠶᠢᠨ ᠪᠠᠶᠢᠳᠠᠯ ᠤᠨ ᠣᠨᠴᠠᠯᠢᠭ ᠲᠠᠢ ᠤᠶᠠᠯᠳᠤᠭᠤᠯᠤᠨ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠯᠡᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠ  ᠲᠣᠯᠤᠭᠠᠶᠢᠯᠠᠭᠴᠢ ᠠᠵᠤ ᠠᠬᠤᠶᠢᠯᠠᠯ ᠢ ᠴᠢᠩᠭ᠎ᠠ ᠠᠩᠬᠠᠷᠴᠤ᠂  ᠠᠷᠠᠯᠵᠢᠶᠠᠨ ᠤᠷᠢᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠠᠷᠢᠯᠢᠭ ᠣᠨᠣᠴᠠᠲᠠᠢ ᠪᠠᠷ ᠠᠷᠠᠯᠵᠢᠶᠠᠨ ᠤᠷᠢᠬᠤ᠂ ᠪᠣᠳᠠᠲᠠᠢ ᠶᠢ ᠡᠷᠬᠢᠮᠯᠡᠨ ᠠᠷᠠᠯᠵᠢᠶᠠᠨ ᠤᠷᠢᠬᠤ ᠶᠢ ᠳᠣᠪᠤᠶᠢᠯᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠣᠷᠮ᠎ᠠ ᠪᠠ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠨᠣᠷᠮ᠎ᠠ ᠪᠠᠷ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠡᠷᠢᠭᠦᠨ ᠤ ᠪᠠᠷᠢᠮᠵᠢᠶ᠎ᠠ ᠳᠤ ᠵᠣᠬᠢᠴᠠᠭᠤᠯᠤᠨ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠠᠰᠠᠭᠤᠳᠠᠯ ᠠᠴᠠ ᠭᠠᠷᠳᠠᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠦᠷᠭᠦᠯᠵᠢᠯᠡᠨ ᠴᠢᠩᠭ᠎ᠠ ᠠᠳᠬᠤᠵᠤ᠂ ᠠᠵᠤ ᠠᠬᠤᠶᠢᠯᠠᠯ ᠳᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠦᠢᠯᠡᠴᠢᠯᠡᠵᠦ᠂ ᠠᠷᠠᠳ ᠲᠤ ᠲᠥᠬᠦᠮ ᠦᠵᠡᠭᠦᠯᠬᠦ ᠲᠥᠷᠭᠡᠨ ᠤᠲᠠᠰᠤ ᠶᠢ ᠰᠠᠶᠢᠲᠤᠷ ᠡᠷᠭᠢᠯᠡᠵᠦ᠂ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠭᠤᠯᠤᠨ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠠᠬᠢᠭᠤᠯᠬᠤ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠴᠥᠮ ᠦᠵᠡᠯ ᠰᠠᠨᠠᠭᠠᠨ ᠤ ᠴᠢᠯᠦᠭᠡᠯᠡᠯᠲᠡ ᠠᠴᠠ ᠰᠠᠯᠵᠤ ᠴᠢᠳᠠᠬᠤ ᠦᠭᠡᠢ ᠂ ᠨᠡᠭᠡᠭᠡᠯᠲᠡ ᠶᠢ ᠥᠷᠭᠡᠳᠬᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢ ᠴᠢᠩᠭᠠᠷᠠᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠡᠷᠬᠡ ᠲᠡᠭᠰᠢ ᠪᠠᠷ ᠬᠠᠨᠳᠤᠵᠤ᠂ ᠴᠢᠬᠡᠴᠢ ᠲᠣᠳᠤᠨᠤ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ᠂  ᠲᠥᠷᠥᠯ ᠵᠦᠢᠯᠡᠰ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ  ᠤ ᠬᠥᠮᠥᠰ ᠤᠨ ᠰᠡᠳᠬᠢᠯ ᠢ ᠨᠡᠩ ᠬᠥᠭᠵᠢᠭᠡᠬᠦ ᠦᠷ᠎ᠡ ᠪᠦᠲᠦᠭᠡᠯ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ᠂ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠪᠠᠲᠤᠯᠠᠬᠤ ᠲᠤᠬᠠᠢ ᠱᠠᠭᠠᠷᠳᠠᠯᠭ᠎ᠠ  ᠳᠤᠷᠠᠳᠪᠠ᠃         ᠬᠤᠷᠠᠯ ᠨᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠵᠤ᠂ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠬᠤᠳᠠ ᠶᠢᠨ  ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠬᠤᠳᠠ ᠶᠢᠨ ᠰᠢᠭᠤᠳ ᠬᠠᠷᠢᠶ᠎ᠠ ᠪᠠ  ᠲᠥᠪ ᠪᠠ ᠥᠪᠡᠷᠲᠡᠭᠡᠨ ᠵᠠᠰᠠᠬᠤ ᠣᠷᠤᠨ ᠠᠴᠠ  ᠤᠯᠠᠭᠠᠨᠬᠠᠳᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠨᠥᠬᠦᠳ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ  ᠪᠠᠶᠢᠭᠤᠯᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ