ᠮᠠᠨ ᠤ ᠬᠤᠲᠠ ᠶᠢᠨ ᠣᠯᠠᠨ ᠲᠥᠷᠥᠯ ᠵᠦᠢᠯ ᠪᠠ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠲᠥᠷᠥᠯ ᠵᠦᠢᠯ ᠪᠠ ᠭᠤᠣᠯ ᠳᠡᠯᠭᠡᠷᠡᠭᠦᠯᠬᠦ ᠮᠡᠷᠭᠡᠵᠢᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/2/27
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ︽2024 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ ᠢ ᠨᠡᠶᠢᠲᠡᠯᠡᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ 40 ᠭᠤᠣᠯᠯᠠᠬᠤ ᠡᠭᠦᠯᠳᠡᠷ ᠪᠠ 78 ᠭᠤᠣᠯ ᠳᠡᠯᠭᠡᠷᠡᠭᠦᠯᠬᠦ ᠮᠡᠷᠭᠡᠵᠢᠯ ᠶᠢ ᠰᠣᠩᠭᠤᠵᠤ᠂ ᠮᠠᠨ ᠤ ᠬᠤᠲᠠ ᠶᠢᠨ 5 ᠭᠤᠣᠯᠯᠠᠬᠤ ᠡᠭᠦᠯᠳᠡᠷ ᠂ 7 ᠭᠤᠣᠯ ᠳᠡᠯᠭᠡᠷᠡᠭᠦᠯᠬᠦ ᠮᠡᠷᠭᠡᠵᠢᠯ ᠰᠣᠩᠭᠤᠭᠳᠠᠪᠠ᠃      ᠮᠠᠨ ᠤ ᠬᠤᠲᠠ ᠶᠢᠨ ᠰᠣᠩᠭᠤᠭᠳᠠᠭᠰᠠᠨ 5 ᠭᠤᠣᠯ ᠪᠣᠯᠬᠤ ᠡᠭᠦᠯᠳᠡᠷ ᠪᠣᠯ᠂ ᠰᠢᠷ᠎ᠠ ᠪᠤᠷᠴᠠᠭ ᠤᠨ ︽ᠤᠯᠠᠭᠠᠨ ᠪᠤᠷᠴᠠᠭ 5 ᠳ᠋ᠤᠭᠠᠷ︾᠂ ᠡᠷᠳᠡᠨᠢ ᠰᠢᠰᠢ ᠶᠢᠨ ︽ᠾᠧ ᠵᠦᠩ ᠢᠦᠢ 11︾᠂ ᠡᠷᠳᠡᠨᠢ ᠰᠢᠰᠢ ᠶᠢᠨ ︽  ᠶᠢᠨ ᠾᠧ 902︾᠂ ᠰᠢᠰᠢ ᠶᠢᠨ ︽ᡂᠢ ᠽᠠ 131︾᠂ ᠬᠠᠨᠱᠠᠨ ᠤ ᠴᠠᠭᠠᠨ ᠨᠣᠯᠤᠤᠷᠲᠤ ᠢᠮᠠᠭ᠎ᠠ ᠪᠣᠯᠣᠨ᠎ᠠ᠃ ᠮᠠᠨ ᠤ ᠬᠤᠲᠠ ᠶᠢᠨ ᠰᠣᠩᠭᠤᠭᠳᠠᠭᠰᠠᠨ 7 ᠵᠦᠢᠯ ᠤᠨ ᠭᠤᠣᠯ ᠮᠡᠷᠭᠡᠵᠢᠯ ᠨᠢ ᠲᠣᠰ ᠲᠣᠰ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠥᠨᠳᠥᠷ ᠤᠨᠠᠯᠲᠠ ᠶᠢ ᠲᠣᠬᠢᠷᠠᠭᠤᠯᠤᠨ ᠡᠵᠡᠮᠳᠡᠬᠦ ᠮᠡᠷᠭᠡᠵᠢᠯ᠂ ᠤᠮᠠᠷᠠᠲᠤ ᠣᠷᠤᠨ ᠤ ᠬᠠᠪᠤᠷ ᠤᠨ ᠠᠮᠤ ᠶᠢᠨ ᠡᠷᠲᠡ ᠪᠣᠯᠪᠠᠰᠤᠷᠠᠬᠤ ᠣᠷᠣᠨ ᠤ ᠨᠠᠷᠢᠮᠤ ᠶᠢᠨ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ᠂ ᠰᠢᠷ᠎ᠠ ᠪᠤᠷᠴᠠᠭ ᠤᠨ ᠥᠷᠭᠡᠨ ᠨᠠᠷᠢᠨ ᠰᠣᠪᠠᠭ ᠲᠤ ᠳᠠᠷᠢᠵᠤ ᠤᠷᠭᠤᠭᠤᠯᠬᠤ ᠮᠡᠷᠭᠡᠵᠢᠯ᠂ ᠲᠥᠬᠦᠭᠡᠷᠦᠮᠵᠢᠲᠦ ᠲᠥᠪᠡᠳ ᠬᠠᠰᠢ ᠶᠢᠨ ᠪᠠᠭᠠᠪᠠᠭᠠᠢ ᠵᠥᠭᠡᠢ  ᠪᠠᠷ ᠲᠣᠭᠤᠰᠣ ᠬᠦᠷᠲᠡᠭᠡᠬᠦ ᠬᠠᠮᠢᠶᠠᠷᠤᠯᠲᠠ ᠶᠢᠨ ᠮᠡᠷᠭᠡᠵᠢᠯ᠂ ᠠᠤᠬᠠᠨ ᠬᠤᠰᠢᠭᠤᠨ ᠤ ᠨᠠᠷᠢᠮᠤ ᠶᠢ ᠬᠥᠩᠭᠡᠨ ᠠᠪᠰᠠᠷ ᠳᠠᠷᠢᠵᠤ ᠤᠷᠭᠤᠭᠤᠯᠬᠤ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠮᠡᠷᠭᠡᠵᠢᠯ᠂ ᠴᠠᠷᠭᠠᠰᠤ ᠬᠢᠭᠡᠳ ᠨᠣᠬᠠᠢ ᠶᠢᠨ ᠬᠤᠰᠢᠭᠤ ᠶᠢ ᠡᠭᠡᠯᠵᠢᠯᠡᠨ ᠳᠠᠷᠢᠬᠤ ᠮᠡᠷᠭᠡᠵᠢᠯ᠂ ᠬᠠᠨᠱᠠᠨ ᠤ ᠴᠠᠭᠠᠨ ᠨᠣᠯᠤᠤᠷᠲᠤ ᠢᠮᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠵᠡᠷᠭᠡ ᠪᠣᠯᠣᠨ᠎ᠠ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ